Menu

ᠠᠩᠬ᠎ᠠ ᠭᠤᠷᠪᠠ ᠶᠢᠨ ᠰᠤᠷᠤᠭᠴᠢᠳ ᠲᠣ ᠰᠤᠷᠬᠤ ᠠᠷᠭ᠎ᠠ ᠶᠢᠨ ᠵᠢᠯᠤᠭᠤᠳᠤᠯᠭ᠎ᠠ ᠬᠢᠭᠰᠡᠨ ᠨᠢ

2014-12-15 / ᠬᠠᠰᠭᠤᠸ᠎ᠠ

(ᠤᠩᠰᠢᠭᠰᠠᠨ ᠤᠳᠠᠭ᠎ᠠ: 1,040 ᠤᠳᠠᠭ᠎ᠠ)

ᠰᠤᠷᠤᠭᠴᠢᠳ ᠤᠨ ᠬᠡᠯᠡᠨ ᠦ ᠲᠥᠷᠦᠯ ᠦᠨ ᠬᠢᠴᠢᠶᠡᠯ ᠢ ᠰᠤᠷᠬᠤ ᠠᠷᠭ᠎ᠠ ᠪᠠ ᠤᠷᠮ᠎ᠠ ᠶᠢᠨ ᠬᠤᠪᠢ ᠳ᠋ᠥ ᠨᠡᠩ ᠢᠯᠡᠭᠦᠦ ᠳᠡᠭᠡᠭᠰᠢᠯᠡᠯᠲᠡ ᠲᠠᠢ ᠪᠤᠯᠭᠠᠬᠤ ᠶᠢᠨ ᠲᠥᠯᠦᠭᠡ 2014 ᠣᠨ ᠤ 11 ᠰᠠᠷ᠎ᠠ ᠶᠢᠨ 4 ᠳ᠋ᠥ ᠮᠠᠨ ᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠤᠨ ᠤ ᠳᠤᠭᠤᠶᠢᠯᠠᠩ ᠤᠨ ᠬᠢᠨ ᠠᠮᠸ᠋ᠷᠢᠺᠠ ᠶᠢᠨ ᠢᠨᠳᠢᠶ᠋ᠸ᠋ᠨᠠ ᠶᠡᠬᠡ ᠰᠤᠷᠭᠠᠭᠤᠯᠢ ᠠᠴᠠ ᠲᠡᠭᠦᠰᠦᠭᠰᠡᠨ ᠠᠰᠫᠢᠷᠠᠨᠲ ᠬᠢᠩᠭᠠᠨ ᠨᠥᠬᠦᠷ ᠢ ᠤᠷᠢᠵᠤ ᠠᠩᠬ᠎ᠠ ᠭᠤᠷᠪᠠ ᠶᠢᠨ ᠬᠤᠶᠠᠷ ᠠᠩᠭᠢ ᠵᠢᠨ ᠰᠤᠷᠤᠭᠴᠢᠳ ᠲᠤ 《 ᠬᠡᠯᠡᠨ ᠦ ᠲᠥᠷᠦᠯ ᠦᠨ ᠬᠢᠴᠢᠶᠡᠯ ᠢ ᠰᠤᠷᠬᠤ ᠠᠷᠭ᠎ᠠ ᠶᠢᠨ ᠲᠤᠬᠠᠢ ᠵᠢᠯᠤᠭᠤᠳᠤᠯᠭ᠎ᠠ 》 ᠭᠡᠬᠦ ᠰᠡᠳᠦᠪ ᠢᠶᠡᠷ ᠶᠠᠷᠢᠶ᠎ᠠ ᠢᠯᠡᠳᠬᠡᠯ ᠬᠢᠯᠭᠡᠯ᠎ᠡ ᠃ ᠬᠢᠩᠭᠠᠨ ᠨᠥᠭᠦᠷ ᠡᠴᠡ ᠰᠤᠷᠤᠭᠴᠢᠳ ᠲᠤ ᠭᠠᠳᠠᠭᠠᠳᠤ ᠬᠡᠯᠡ ᠶᠢ ᠬᠡᠷᠬᠢᠨ ᠰᠤᠷᠤᠯᠴᠠᠬᠤ ᠲᠤᠬᠠᠢ  ᠠᠮᠢᠳᠤᠯᠢᠭ ᠰᠠᠶᠢᠬᠠᠨ ᠲᠠᠶᠢᠯᠪᠤᠷᠢᠯᠠᠵᠤ ᠥᠭᠭᠦᠭᠰᠡᠨ ᠢᠶᠠᠷ ᠪᠠᠷᠠᠬᠤ ᠦᠭᠡᠢ ᠂ ᠡᠬᠡ ᠬᠡᠯᠡ ᠪᠡᠨ ᠰᠠᠶᠢᠨ ᠰᠤᠷᠬᠤ ᠶᠢᠨ ᠴᠢᠬᠤᠯᠠ ᠴᠢᠨᠠᠷ ᠢ ᠳᠤᠪᠤᠶᠢᠯᠭᠠᠵᠤ ᠶᠠᠷᠢᠭᠰᠠᠨ ᠪᠠᠶᠢᠨ᠎ᠠ ᠃ ᠮᠥᠨ ᠴᠤ ᠬᠡᠯᠡᠨ  ‍ᠣ ᠲᠥᠷᠦᠯ ᠦᠨ ᠬᠢᠴᠢᠶᠡᠯ ᠤᠳ ᠢ ᠬᠠᠷᠢᠴᠠᠭᠤᠯᠤᠨ ᠵᠠᠳᠠᠯᠵᠤ ᠲᠡᠳᠡᠭᠡᠷ ᠦᠨ ᠬᠤᠭᠤᠷᠤᠨᠳᠤᠬᠢ ᠲᠤᠳᠤᠭᠠᠳᠤ ᠶᠢᠨ ᠬᠤᠯᠪᠤᠭ᠎ᠠ ᠶᠢ ᠵᠢᠭᠠᠵᠤ ᠭᠠᠷᠭᠠᠨ ᠬᠡᠷᠬᠢᠨ ᠴᠡᠭᠡᠵᠢᠯᠡᠬᠦ ᠬᠡᠷᠬᠢᠨ ᠤᠶᠢᠯᠠᠭᠠᠬᠤ ᠲᠤᠬᠠᠢ ᠤᠯᠠᠨ ᠰᠠᠶᠢᠬᠠᠨ ᠠᠷᠭ᠎ᠠ ᠶᠢ ᠰᠤᠷᠤᠭᠴᠢᠳ ᠲᠠᠢ ᠬᠤᠪᠢᠶ᠋ᠠᠯᠴᠠᠭᠰᠠᠨ ᠪᠠᠶᠢᠨ᠎ᠠ  ᠃

dNNbjmYVHQAA&bo=wAMcAgAAAAABAPo!&rf=viewer_4

ᠲᠡᠷᠡ ᠥᠪᠡᠷ ᠤᠨ ᠠᠮᠸ᠋ᠷᠢᠺᠠ ᠳ᠋ᠥ ᠰᠤᠷᠤᠯᠴᠠᠵᠤ ᠪᠠᠶᠢᠭᠰᠠᠨ ᠪᠠᠶᠢᠳᠠᠯ ᠢᠶᠠᠨ ᠰᠤᠷᠤᠭᠴᠢᠳ ᠲᠠᠢ ᠬᠤᠪᠢᠶᠠᠯᠴᠠᠵᠤ ᠂ ᠲᠡᠨᠳᠡᠬᠢ ᠰᠤᠷᠤᠯᠴᠠᠬᠤ ᠤᠷᠴᠢᠨ ᠂ ᠰᠤᠷᠤᠯᠴᠠᠬᠤ ᠳᠠᠳᠬᠠᠯ ᠂ ᠨᠡᠩ ᠴᠢᠨᠠᠭᠰᠢᠯᠠᠭᠠᠳ ᠳᠡᠨᠳᠡᠬᠢ ᠶᠢᠨ ᠬᠦᠮᠦᠨ ᠠᠷᠠᠳ ᠤᠨ ᠬᠢᠨᠢ ᠠᠮᠢᠳᠤᠷᠠᠯ ᠂ ᠵᠠᠩ ᠠᠭᠠᠰᠢ ᠂ ᠰᠤᠶᠤᠯ ᠪᠤᠯᠪᠠᠰᠤᠨ ᠵᠡᠷᠭᠡ ᠤᠯᠠᠨ ᠲᠠᠯ᠎ᠠ ᠶᠢᠨ ᠪᠠᠶᠢᠳᠠᠯ ᠢ ᠰᠤᠷᠤᠭᠴᠢᠳ ᠲᠣ ᠲᠦᠷᠰᠦᠯᠢᠭ ᠰᠠᠶᠢᠬᠠᠨ ᠳᠡᠯᠭᠡᠵᠤ ᠶᠠᠷᠢᠭᠰᠠᠨ ᠪᠠᠶᠢᠨ᠎ᠠ ᠃ ᠡᠨᠡ ᠨᠢ ᠰᠤᠷᠤᠭᠴᠢᠳ ᠤᠨ ᠬᠤᠯᠠ ᠶᠠᠪᠤᠵᠤ ᠤᠯᠠᠨ ᠢ ᠦᠵᠡᠬᠦ ᠬᠦᠰᠡᠯ ᠢ ᠤᠯᠠᠮ ᠢᠯᠡᠭᠦᠦ ᠴᠢᠩᠭᠠᠯᠠᠵᠤ ᠴᠢᠳᠠᠭᠰᠠᠨ ᠢᠶᠠᠷ ᠪᠠᠷᠠᠬᠤ ᠦᠭᠡᠢ ᠠᠩᠭ᠌ᠯᠢ ᠬᠡᠯᠡ ᠶᠢ ᠰᠤᠷᠤᠯᠴᠠᠬᠤ ᠶᠢᠨ ᠴᠢᠬᠤᠯᠠ ᠴᠢᠨᠠᠷ ᠢ ᠰᠤᠷᠤᠭᠴᠢᠳ ᠲᠤ ᠤᠶᠢᠯᠠᠭᠠᠭᠤᠯᠤᠭᠰᠠᠨ ᠪᠠᠶᠢᠨ᠎ᠠ ᠃ ᠬᠠᠮᠤᠭ ᠤᠨ ᠴᠢᠬᠤᠯᠠ ᠨᠢ ᠬᠢᠩᠭᠠᠨ ᠨᠥᠬᠦᠷ ᠥᠪᠡᠷ ᠦᠨ ᠢᠶᠡᠨ ᠠᠮᠸ᠋ᠷᠢᠺᠠ ᠳ᠋ᠥ ᠪᠠᠶᠢᠬᠤ ᠳ᠋ᠥ ᠪᠡᠨ ᠤᠴᠠᠷᠠᠭᠰᠠᠨ ᠨᠢᠭᠡᠨ ᠲᠤᠬᠢᠶᠠᠯᠳᠤᠯ ᠢᠶᠠᠷ ᠥᠪᠡᠷ ᠦᠨ ᠢᠶᠡᠨ ᠡᠬᠡ ᠬᠡᠯᠡ ᠂ ᠲᠡᠦᠬᠡ ᠰᠤᠶᠤᠯ ᠢᠶᠠᠨ ᠮᠡᠳᠡᠵᠤ ᠤᠶᠢᠯᠠᠭᠠᠬᠤ ᠶᠢᠨ ᠴᠢᠬᠤᠯᠠ ᠴᠢᠨᠠᠷ ᠢ ᠰᠤᠷᠤᠭᠴᠢᠳ ᠲᠣ ᠮᠠᠰᠢ ᠬᠦᠨᠵᠡᠭᠡᠢ ᠤᠶᠢᠯᠠᠭᠠᠭᠤᠯᠵᠤ ᠥᠭᠭᠦᠭᠰᠡᠨ ᠪᠠᠶᠢᠯ᠎ᠠ ᠃

dF9oKGfQJgAA&bo=wAMcAgAAAAABAPo!&rf=viewer_4

ᠬᠠᠮᠤᠭ ᠡᠴᠦᠰ ᠲᠤ ᠰᠤᠷᠤᠭᠴᠢᠳ ᠬᠢᠩᠭᠠᠨ ᠨᠥᠭᠦᠷ ᠡᠴᠡ ᠤᠯᠠᠨ ᠰᠠᠶᠢᠬᠠᠨ ᠠᠰᠠᠭᠤᠯᠲᠠ ᠳᠤᠷᠠᠳᠴᠤ ᠥᠪᠡᠷ ᠦᠨ ᠢᠶᠡᠨ ᠰᠤᠷᠤᠯᠴᠠᠯᠭ᠎ᠠ  ᠳ᠋ᠥ ᠲᠤᠯᠭᠠᠷᠠᠭᠰᠠᠨ ᠠᠰᠠᠭᠤᠳᠠᠯ ᠢᠶᠠᠨ ᠠᠰᠠᠭᠤᠵᠤ ᠰᠢᠢᠳᠪᠦᠷᠢᠯᠡᠭᠰᠡᠨ ᠪᠠᠶᠢᠨ᠎ᠠ ᠃ ᠡᠨᠡ ᠤᠳᠠᠭᠠᠨ ᠤ ᠵᠢᠯᠤᠭᠤᠳᠤᠯᠭ᠎ᠠ ᠬᠢᠭᠰᠡᠨ ᠨᠢ ᠰᠤᠷᠤᠭᠴᠢᠳ ᠤᠨ ᠭᠠᠳᠠᠭᠠᠳᠤ ᠬᠡᠯᠡ ᠶᠢ ᠰᠠᠶᠢᠨ ᠰᠤᠷᠬᠤ ᠢᠳᠡᠪᠬᠢᠵᠢᠯ ᠢ ᠳᠠᠶᠢᠴᠢᠯᠠᠵᠤ ᠴᠢᠳᠠᠭᠰᠠᠨ ᠢᠶᠠᠷ ᠪᠠᠷᠠᠬᠤ ᠦᠭᠡᠢ ᠂ ᠰᠤᠷᠬᠤ ᠠᠷᠭ᠎ᠠ ᠶᠢᠨ ᠲᠠᠯ᠎ᠠ ᠪᠡᠷ᠎ ᠶᠡᠬᠡᠬᠡᠨ ᠤᠯᠤᠯᠲᠠ ᠲᠠᠢ ᠪᠤᠯᠭᠠᠭᠰᠠᠨ ᠪᠠᠶᠢᠨ᠎ᠠ ᠃ ᠲᠡᠭᠡᠭᠡᠳ ᠪᠠᠰᠠ ᠰᠤᠷᠤᠭᠴᠢᠳ ᠲᠤ ᠥᠪᠡᠷ ᠦᠨ ᠡᠬᠡ ᠬᠡᠯᠡ ᠪᠡᠨ ᠰᠠᠶᠢᠨ ᠰᠤᠷᠬᠤ ᠨᠢ ᠪᠤᠰᠤᠳ ᠬᠡᠯᠡ ᠶᠢ ᠰᠤᠷᠬᠤ ᠶᠢᠨ ᠰᠠᠭᠤᠷᠢ ᠮᠥᠨ ᠭᠡᠳᠡᠭ ᠢ ᠲᠠᠨᠢᠭᠤᠯᠤᠭᠰᠠᠨ ᠪᠠᠶᠢᠨ᠎ᠠ ᠃