ᠤᠶᠤᠨ᠎ᠠ ᠪᠠᠭᠰᠢ

2015-01-08 / admin

(ᠤᠩᠰᠢᠭᠰᠠᠨ ᠤᠳᠠᠭ᠎ᠠ: 979 ᠤᠳᠠᠭ᠎ᠠ)

IMG_20160414_12232471
ᠤᠶᠤᠨ᠎ᠠ ᠄ ᠤᠷᠳᠤᠰ ᠬᠤᠳᠠ ᠶᠢᠨ ᠮᠤᠩᠭᠤᠯ ᠦᠨᠳᠦᠰᠦᠳᠡᠨ ᠦ ᠲᠤᠮᠳᠠᠳᠤ ᠰᠤᠷᠭᠠᠭᠤᠯᠢ ᠶᠢᠨ ᠲᠡᠳ᠋ ᠵᠠᠬᠢᠷᠤᠯ ᠃

ᠡᠮᠡᠭᠳᠡᠢ ᠂ ᠮᠤᠩᠭᠤᠯ ᠦᠨᠳᠦᠰᠦᠳᠡᠨ ᠂ 1975 ᠣᠨ ᠤ 12 ᠳ᠋ᠤᠭᠠᠷ ᠰᠠᠷ᠎ᠠ ᠳ᠋ᠥ ᠤᠷᠳᠤᠰ ᠬᠤᠳᠠ ᠶᠢᠨ ᠳ᠋ᠦᠩᠱᠸᠩ ᠳ᠋ᠥ ᠵᠠᠶᠠᠭᠠᠵᠠᠢ ᠃ 2010 ᠣᠨ ᠤ 8 ᠳ᠋ᠤᠭᠠᠷ ᠰᠠᠷ᠎ᠠ ᠳ᠋ᠥ ᠲᠤᠮᠳᠠᠳᠤ ᠤᠯᠤᠰ ᠤᠨ ᠡᠪ ᠬᠠᠮᠳᠤ ᠨᠠᠮ ᠳ᠋ᠥ ᠡᠯᠰᠡᠭᠳᠡᠪᠡ ᠃ ᠲᠤᠮᠳᠠᠳᠤ ᠰᠤᠷᠭᠠᠭᠤᠯᠢ ᠶᠢᠨ ᠲᠡᠭᠡᠳᠤ ᠲᠡᠰ ᠦᠨ ᠪᠠᠭᠰᠢ ᠃

1997 ᠣᠨ ᠤ 7 ᠳ᠋ᠤᠭᠠᠷ ᠰᠠᠷ᠎ᠠ ᠳ᠋ᠥ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠭᠡᠯᠡᠨ ᠦ ᠰᠠᠯᠪᠤᠷᠢ  ᠡᠴᠡ ᠮᠤᠩᠭᠤᠯ ᠭᠡᠯᠡ ᠤᠳᠬ᠎ᠠ ᠵᠤᠬᠢᠶᠠᠯ ᠤᠨ ᠤᠶᠤᠳᠠᠨ ᠡᠷᠳᠡᠮᠳᠡᠨ ᠴᠤᠯᠠ  ᠲᠠᠢ ᠲᠡᠬᠦᠰᠪᠡ ᠃

1997 ᠣᠨ ᠤ 9 ᠳ᠋ᠣᠭᠡᠷ ᠰᠠᠷ᠎ᠠ ᠳ᠋ᠥ ᠤᠷᠳᠤᠰ ᠬᠤᠳᠠ ᠶᠢᠨ ᠮᠤᠩᠭᠤᠯ ᠦᠨᠳᠦᠰᠦᠳᠡᠨ ᠦ ᠲᠤᠮᠳᠠᠳᠤ ᠰᠤᠷᠭᠠᠭᠤᠯᠢ ᠶᠢᠨ ᠠᠩᠬ᠎ᠠ ᠲᠤᠮᠳᠠᠳᠤ ᠳ᠋ᠥ ᠪᠠᠭᠰᠢᠯᠠᠪᠠ ᠃

2008.0 5 —  2010.05 ᠳ᠋ᠥ ᠤᠷᠳᠤᠰ ᠬᠤᠳᠠ ᠶᠢᠨ ᠮᠤᠩᠭᠤᠯ ᠦᠨᠳᠦᠰᠦᠳᠡᠨ ᠦ ᠲᠤᠮᠳᠠᠳᠤ ᠰᠤᠷᠭᠠᠭᠤᠯᠢ ᠶᠢᠨ ᠡᠪᠯᠡᠯ ᠦᠨ ᠡᠬᠦᠷ ᠦᠨ ᠲᠡᠳ᠋ ᠱᠦᠵᠢ ᠶᠢᠨ ᠠᠵᠢᠯ ᠢ ᠬᠠᠷᠢᠭᠤᠴᠠᠪᠠ ᠃

2010.0 5 —  2013.0 9 ᠳ᠋ᠥ ᠤᠷᠳᠤᠰ ᠬᠤᠳᠠ ᠶᠢᠨ ᠮᠤᠩᠭᠤᠯ ᠦᠨᠳᠦᠰᠦᠳᠡᠨ ᠦ ᠲᠤᠮᠳᠠᠳᠤ ᠰᠤᠷᠭᠠᠭᠤᠯᠢ ᠶᠢᠨ ᠠᠯᠪᠠᠨ ᠭᠡᠷ ᠦᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ ᠃
2013.0 9 ᠤᠳᠤ ᠪᠤᠯᠳᠠᠯ᠎ᠠ ᠤᠷᠳᠤᠰ ᠬᠤᠳᠠ ᠶᠢᠨ ᠮᠤᠩᠭᠤᠯ ᠦᠨᠳᠦᠰᠦᠳᠡᠨ ᠦ ᠲᠤᠮᠳᠠᠳᠤ ᠰᠤᠷᠭᠠᠭᠤᠯᠢ ᠶᠢᠨ ᠲᠡᠳ᠋ ᠵᠠᠬᠢᠷᠤᠯ ᠤᠨ ᠲᠤᠰᠢᠶᠡᠯ ᠢ ᠬᠠᠷᠢᠭᠤᠴᠠᠵᠤ ᠪᠠᠶᠢᠨ᠎ᠠ ᠃

ᠠᠵᠢᠯ ᠤᠨ ᠦᠷ᠎ᠡ ᠪᠦᠳᠦᠮᠵᠢ ᠄

2003 .11 ᠳ᠋ᠥ ᠬᠤᠳᠠ ᠶᠢᠨ ᠵᠢᠭᠠᠨ ᠰᠤᠷᠭᠠᠬᠤ ᠴᠢᠳᠠᠪᠤᠷᠢᠳᠠᠨ ᠢᠶᠠᠷ ᠦᠨᠡᠯᠡᠭᠳᠡᠪᠡ ᠃
2005. 12 ᠳ᠋ᠥ ᠰᠤᠷᠭᠠᠨ ᠬᠦᠮᠦᠵᠢᠯ ᠦᠨ ᠶᠠᠮᠤᠨ  ᠡᠴᠡ ᠲᠤᠭᠳᠠᠭᠠᠭᠰᠠᠨ ᠰᠤᠳᠤᠯᠭᠠᠨ ᠤ ᠰᠡᠳᠤᠪ《ᠠᠯᠤᠰᠴᠢᠯᠠᠭᠰᠠᠨ ᠰᠤᠷᠭᠠᠨ ᠬᠦᠮᠦᠵᠢᠯ  ᠤᠨ ᠡᠬᠢ ᠰᠤᠷᠪᠤᠯᠵᠢ  ᠶᠢᠨ ᠮᠤᠩᠭᠤᠯ ᠭᠡᠯᠡᠨ  ᠤ ᠺᠤᠤᠷᠰᠧᠡᠢᠢᠷ  ᠢ ᠭᠡᠷᠬᠢᠨ ᠭᠡᠷᠡᠭᠯᠡᠬᠦ ᠲᠤᠬᠠᠢ 》 ᠳ᠋ᠥ ᠤᠷᠤᠯᠴᠠᠭᠠᠳ ᠲᠤᠰᠬᠠᠢ ᠮᠡᠷᠭᠡᠵᠢᠯᠳᠡᠳ  ᠤᠨ ᠬᠢᠨᠠᠯᠳᠠ  ᠪᠠᠷ ᠲᠠᠮᠵᠢᠨ ᠰᠡᠳᠤᠪ ᠲᠡᠬᠦᠰᠪᠡ ᠃
2009.0 4 ᠳ᠋ᠥ ᠡᠷᠬᠢᠯᠡᠭᠰᠡᠨ ᠠᠩᠬᠢ 76 ᠳ᠋ᠤᠭᠠᠷ ᠪᠦᠯᠦᠭ  ᠨᠢ ᠤᠷᠤᠨ ᠤ ᠲᠡᠰ ᠦᠨ ᠲᠡᠷᠢᠬᠦᠨ ᠦ ᠠᠩᠬᠢ ᠨᠢᠭᠡᠴᠢ  ᠪᠠᠷ ᠦᠨᠡᠯᠡᠭᠳᠡᠪᠡ ᠃
2011.11 ᠳ᠋ᠥ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠲᠦᠷᠢᠮᠵᠢᠭᠰᠡᠨ ᠰᠤᠳᠤᠯᠭᠠᠨ ᠤ ᠰᠡᠳᠤᠪ《 ᠮᠤᠩᠭᠤᠯ ᠭᠡᠯᠡᠨ ᠦ ᠬᠡᠯᠡᠨ ᠦ ᠮᠡᠳᠡᠷᠡᠮᠵᠢ ᠶᠢ ᠴᠢᠩᠭᠠᠳᠬᠠᠬᠤ ᠲᠤᠷᠰᠢᠯᠳᠠ ᠶᠢᠨ ᠰᠤᠳᠤᠯᠤᠯ》 ᠳ᠋ᠥ ᠤᠷᠤᠯᠴᠠᠭᠠᠳ ᠲᠤᠰᠬᠠᠢ ᠮᠡᠷᠭᠡᠵᠢᠯᠳᠡᠨ ᠦ ᠬᠢᠨᠠᠯᠳᠠ ᠶᠢ ᠲᠠᠮᠵᠢᠨ ᠰᠡᠳᠤᠪ ᠲᠡᠬᠦᠰᠪᠡ ᠃

2012.0 7 ᠳ᠋ᠥ ᠪᠦᠬᠦ ᠬᠤᠳᠠ ᠶᠢᠨ ᠰᠤᠷᠭᠠᠨ ᠬᠦᠮᠦᠵᠢᠯ ᠦᠨ ᠰᠢᠰᠲ᠋ᠧᠮ ᠦᠨ ᠰᠢᠯᠢᠳᠡᠭ ᠨᠠᠮ ᠤᠨ ᠭᠡᠰᠢᠬᠦᠨ ᠦ ᠢᠷᠠᠭᠤ ᠠᠯᠳᠠᠷ ᠢ ᠤᠯᠪᠠ ᠃