Menu

ᠤᠷᠳᠤᠰ ᠬᠤᠳᠠ ᠶᠢᠨ ᠮᠤᠩᠭᠤᠯ ᠦᠨᠳᠦᠰᠦᠳᠡᠨ ᠦ ᠲᠤᠮᠳᠠᠳᠤ ᠰᠤᠷᠭᠠᠭᠤᠯᠢ ᠶᠢᠨ ᠲᠤᠰᠬᠠᠢ ᠹᠢᠯᠢᠮ~  ᠰᠤᠷᠭᠠᠭᠤᠯᠢ ᠪᠠᠶᠢᠭᠤᠯᠤᠭᠳᠠᠭᠰᠠᠨ ᠵᠢᠷᠠᠨ ᠵᠢᠯ ᠦᠨ ᠤᠢ  ᠳᠤ ᠵᠤᠷᠢᠭᠤᠯᠪᠠ

2016-01-04 / admin

(ᠤᠩᠰᠢᠭᠰᠠᠨ ᠤᠳᠠᠭ᠎ᠠ: 596 ᠤᠳᠠᠭ᠎ᠠ)

ᠤᠷᠳᠤᠰ ᠬᠤᠳᠠ ᠶᠢᠨ ᠮᠤᠩᠭᠤᠯ ᠦᠨᠳᠦᠰᠦᠳᠡᠨ ᠦ ᠲᠤᠮᠳᠠᠳᠤ ᠰᠤᠷᠭᠠᠭᠤᠯᠢ ᠶᠢᠨ ᠲᠤᠰᠬᠠᠢ  ᠹᠢᠯᠢᠮ - ᠰᠤᠷᠭᠠᠭᠤᠯᠢ ᠪᠠᠶᠢᠭᠤᠯᠤᠭᠳᠠᠭᠰᠠᠨ ᠵᠢᠷᠠᠨ ᠵᠢᠯ ᠦᠨ ᠤᠢ  ᠳᠤ ᠵᠤᠷᠢᠭᠤᠯᠪᠠ

ᠤᠷᠳᠤᠰ ᠬᠤᠳᠠ ᠵᠢᠨ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ 1956 ᠣᠨ  ᠳᠤ ᠪᠠᠶᠢᠭᠤᠯᠤᠭᠳᠠᠵᠤ ᠂ ᠠᠩᠬᠠᠨ  ᠳᠤ  ᠪᠠᠨ ᠶᠡᠭᠡ ᠵᠤᠤ ᠠᠶᠢᠮᠠᠭ ᠤᠨ ᠬᠤᠶᠠᠳᠤᠭᠠᠷ ᠲᠤᠮᠳᠠᠳᠤ ᠰᠤᠷᠭᠠᠭᠤᠯᠢ ᠭᠡᠵᠤ ᠨᠡᠷᠡᠯᠡᠭᠳᠡᠵᠦ ᠪᠠᠶᠢᠪᠠ ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠩᠬᠠᠳᠠᠭᠴᠢ ᠭᠤᠤᠯᠳᠠᠯᠭᠠᠳᠤ ᠰᠤᠷᠭᠠᠭᠤᠯᠢ ᠤᠳ ᠤᠨ ᠨᠢᠭᠡ ᠪᠤᠯᠬᠤ ᠪᠦᠭᠡᠳ 2010 ᠣᠨ ᠤ 3 ᠳ᠋ᠤᠭᠠᠷ ᠰᠠᠷ᠎ᠠ  ᠳᠤ ᠦᠪᠡᠷᠳᠡᠭᠡᠨ ᠵᠠᠰᠠᠬᠤ ᠤᠷᠤᠨ ᠤ ᠰᠢᠯᠢᠳᠡᠭ ᠲᠡᠭᠡᠳᠤ ᠲᠡᠰ ᠤᠨ ᠲᠡᠭᠡᠳᠤ ᠲᠤᠮᠳᠠᠳᠤ  ᠪᠠᠷ ᠦᠨᠡᠯᠡᠭᠳᠡᠪᠡ ᠃ ᠰᠤᠷᠭᠠᠭᠤᠯᠢ  ᠨᠢ ᠬᠢᠶ᠎ᠠ ᠪᠠᠭᠰᠢ ᠰᠢᠨ᠎ᠠ ᠲᠤᠭᠤᠷᠢᠭ ᠤᠨ ᠵᠠᠰᠠᠭ ᠤᠨ ᠤᠷᠳᠤᠨ ᠤ ᠬᠤᠶᠢᠳᠤ ᠵᠠᠮ  ᠳᠤ ᠪᠠᠶᠢᠷᠢᠯᠠᠵᠤ ᠂ ᠰᠤᠷᠭᠠᠭᠤᠯᠢ ᠵᠢᠨ ᠬᠦᠷᠢᠶᠡᠨ ᠤ ᠶᠡᠷᠦᠩᠭᠡᠢ ᠲᠠᠯᠠᠪᠠᠢ 324 ᠮᠤ ᠂ ᠪᠠᠷᠢᠯᠭ᠎ᠠ ᠵᠢᠨ ᠲᠠᠯᠠᠪᠠᠢ  ᠨᠢ 13.85 ᠲᠦᠮᠠᠨ ᠲᠡᠭᠰᠢ ᠲᠦᠷᠪᠡᠯᠵᠢᠨ ᠮᠧᠲ᠋ᠷ ᠭᠠᠵᠠᠷ  ᠢ ᠡᠵᠡᠯᠡᠵᠤ ᠪᠤᠢ ᠃ ᠰᠤᠷᠭᠠᠭᠤᠯᠢ ᠡᠷᠬᠢᠯᠡᠬᠦ ᠨᠦᠬᠦᠴᠡᠯ ᠤᠨ ᠲᠠᠯ᠎ᠠ  ᠪᠠᠷ ᠰᠤᠷᠭᠠᠭᠤᠯᠢ ᠵᠢᠨ ᠲᠤᠭᠤᠷᠢᠭ ᠤᠨ ᠡᠵᠡᠯᠡᠵᠤ ᠪᠠᠶᠢᠭ᠎ᠠ ᠭᠠᠵᠠᠷ ᠪᠠ ᠲᠦᠯᠦᠪᠵᠢᠬᠦᠯᠭᠡ ᠂ ᠪᠠᠶᠢᠷᠢ ᠵᠢᠨ ᠪᠠᠷᠢᠯᠭ᠎ᠠ ᠵᠢᠴᠢ ᠬᠠᠷᠢᠶᠠᠯᠠᠭᠳᠠᠬᠤ ᠲᠦᠬᠦᠭᠡᠷᠦᠮᠵᠢ ᠂ ᠪᠠᠶᠢᠩᠭᠤ ᠵᠢᠨ ᠪᠦᠷᠢᠨ ᠭᠡᠷᠡᠭᠯᠡᠬᠦ ᠵᠢᠭᠠᠨ ᠰᠤᠷᠭᠠᠬᠤ ᠲᠤᠨᠤᠭ ᠲᠦᠬᠦᠭᠡᠷᠦᠮᠵᠢ ᠂ ᠬᠢᠴᠢᠶᠡᠯ ᠲᠦᠷᠦᠯ ᠤᠨ ᠰᠤᠷᠤᠯᠴᠠᠬᠤ ᠭᠡᠪᠴᠢᠶᠡᠨ  ᠳᠤ ᠲᠤᠰᠬᠠᠢ ᠭᠡᠷᠡᠭᠯᠡᠬᠦ ᠵᠢᠭᠠᠨ ᠰᠤᠷᠭᠠᠬᠤ ᠲᠤᠨᠤᠭ ᠲᠦᠬᠦᠭᠡᠷᠦᠮᠵᠢ ᠂ ᠤᠳᠤᠬᠢᠴᠢᠯᠠᠭᠰᠠᠨ ᠰᠤᠷᠭᠠᠨ ᠬᠦᠮᠦᠵᠢᠯ ᠤᠨ ᠮᠡᠷᠭᠡᠵᠢᠯ ᠤᠨ ᠲᠤᠨᠤᠭ ᠲᠦᠬᠦᠭᠡᠷᠦᠮᠵᠢ ᠂ ᠨᠤᠮ ᠤᠨ ᠰᠠᠩ ᠤᠨ ᠲᠤᠨᠤᠭ ᠲᠦᠬᠦᠭᠡᠷᠦᠮᠵᠢ ᠂ ᠠᠯᠪᠠᠨ ᠵᠢᠴᠢ ᠠᠮᠢᠳᠤᠷᠠᠯ ᠤᠨ ᠲᠤᠨᠤᠭ ᠲᠦᠬᠦᠭᠡᠷᠦᠮᠵᠢ ᠴᠦᠮ ᠤᠷᠤᠨ ᠤ ᠲᠤᠳᠤᠷ᠎ᠠ ᠭᠠᠳᠠᠨᠠᠬᠢ ᠨᠢᠭᠡᠳᠤᠭᠡᠷ ᠪᠠᠷᠢᠮᠵᠢᠶᠠᠨ  ᠳᠤ ᠬᠦᠷᠦᠭᠰᠡᠨ ᠪᠠᠶᠢᠨ᠎ᠠ ᠃