Menu

ᠮᠠᠨ ᠤ ᠰᠤᠷᠭᠠᠭᠤᠯᠢ ᠨᠠᠢᠮᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠦ ᠰᠢᠨᠵᠢᠯᠡᠭᠡ ᠮᠡᠷᠭᠡᠵᠢᠯ ᠦᠨ ᠴᠢᠭᠤᠯᠭᠠᠨ ᠬᠢᠪᠡ

2017-07-03 / admin

(ᠤᠩᠰᠢᠭᠰᠠᠨ ᠤᠳᠠᠭ᠎ᠠ: 128 ᠤᠳᠠᠭ᠎ᠠ)

ᠮᠠᠨ ᠤ ᠰᠤᠷᠭᠠᠭᠤᠯᠢ ᠶᠢᠨ ᠨᠠᠢᠮᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠦ ᠰᠢᠨᠵᠢᠯᠡᠭᠡ ᠮᠡᠷᠭᠡᠵᠢᠯ ᠦᠨ ᠴᠢᠭᠤᠯᠭᠠᠨ

微信图片_20170627110145

ᠤᠷᠳᠤᠰ ᠬᠤᠳᠠ ᠶᠢᠨ ᠮᠤᠩᠭᠤᠯ ᠦᠨᠳᠦᠰᠦᠳᠡᠨ ᠦ ᠰᠤᠷᠭᠠᠭᠤᠯᠢ  ᠨᠢ 2017.6.19-2017.6.25 ᠪᠤᠯᠳᠠᠯ᠎ᠠ ᠰᠤᠷᠭᠠᠭᠤᠯᠢ ᠶᠢᠨ ᠬᠦᠷᠢᠶᠡᠨ ᠦ ᠰᠢᠨᠵᠢᠯᠡᠭᠡ ᠮᠡᠷᠭᠡᠵᠢᠯ ᠦᠨ ᠴᠢᠭᠤᠯᠭᠠᠨ ᠬᠢᠵᠤ ᠂ ᠰᠤᠷᠤᠭᠴᠢᠳ ᠤᠨ ᠰᠢᠨᠵᠢᠯᠡᠬᠦ ᠤᠬᠠᠭᠠᠨ ᠢ ᠬᠠᠶᠢᠷᠠᠯᠠᠬᠤ ᠂ ᠰᠢᠨᠵᠢᠯᠡᠬᠦ ᠤᠬᠠᠭᠠᠨ ᠢ ᠪᠠᠬᠠᠷᠬᠠᠬᠤ ᠂ ᠰᠢᠨ᠎ᠡ ᠶᠢ ᠡᠬᠦᠳᠬᠦ ᠂ ᠰᠢᠨ᠎ᠡ ᠶᠢ ᠰᠤᠳᠤᠯᠵᠤ ᠡᠬᠦᠳᠦᠯᠲᠡ ᠪᠦᠲᠦᠭᠡᠯ ᠬᠢᠬᠦ᠂ᠴᠠᠭ ᠡᠷᠢᠨ  ᠤ ᠬᠦᠭᠵᠢᠯᠲᠡ ᠶᠢ ᠲᠠᠭᠠᠵᠤ ᠂ ᠲᠡᠯᠡᠭᠡᠢ ᠶᠢᠨ ᠪᠤᠯᠪᠠᠰᠤᠨ ᠢ ᠪᠠᠷᠠᠭᠠᠯᠠᠵᠤ ᠂ ᠦᠪᠡᠷ ᠦᠨ ᠰᠤᠷᠤᠯᠭ᠎ᠠ ᠠᠮᠢᠳᠤᠷᠠᠯ  ᠲᠠᠭᠠᠨ ᠮᠡᠷᠭᠡᠵᠢᠯ ᠪᠠ ᠡᠭᠦᠳᠦᠯᠲᠠ ᠶᠢ ᠤᠶᠠᠯᠳᠤᠭᠤᠯᠵᠤ ᠂ ᠰᠤᠷᠤᠭᠰᠠᠨ ᠮᠡᠳᠡᠯᠭᠡ ᠪᠡᠨ ᠪᠤᠳᠠᠳᠡᠢ  ᠲᠡᠢ ᠤᠶᠠᠯᠳᠤᠭᠤᠯᠵᠤ ᠂ ᠤᠶᠢᠯᠡᠳᠦᠯᠭᠡ  ᠲᠡᠢ ᠤᠶᠠᠯᠳᠤᠭᠤᠯᠵᠤ ᠂ ᠰᠤᠷᠤᠯᠭ᠎ᠠ ᠶᠢᠨ ᠠᠮᠢᠳᠤᠷᠠᠯ ᠢᠶᠠᠨ ᠪᠠᠶᠠᠯᠢᠭᠵᠢᠭᠤᠯᠤᠭᠰᠠᠨ ᠪᠠᠶᠢᠨ᠎ᠠ ᠃
IMG_4167

0627_29

ᠮᠠᠨ ᠤ ᠰᠤᠷᠭᠠᠭᠤᠯᠢ  ᠨᠢ 2010 ᠣᠨ ᠠᠴᠠ ᠡᠬᠢᠯᠡᠵᠤ ᠂ ᠮᠡᠷᠭᠡᠵᠢᠯ ᠦᠨ ᠬᠢᠴᠢᠶᠡᠯ ᠨᠡᠭᠡᠭᠡᠵᠤ ᠂ ᠮᠤᠳᠤᠨ ᠲᠠᠷᠬᠠᠨ ᠂ ᠡᠯᠧᠺᠲ᠋ᠷᠤᠨ ᠲᠧᠭᠨᠢᠭ ᠂ ᠠᠭᠠᠷ ᠠᠶᠠᠯᠠᠯ ᠂ ᠤᠶᠤᠳᠤ ᠮᠠᠰᠢᠨ ᠬᠦᠮᠦᠨ ᠂ ᠮᠤᠩᠭᠤᠯ ᠦᠭᠡ ᠬᠡᠯᠡ ᠰᠦᠰᠦᠭ ᠪᠢᠴᠢᠭ ᠰᠤᠷᠠᠭ ᠵᠠᠩᠭᠢᠵᠢᠯᠠᠯᠲᠠ ᠂ 3D ᠳᠠᠷᠤᠮᠯᠠᠬᠤ ᠮᠠᠰᠢᠨ ᠪᠠ ᠲᠦᠰᠦᠪᠯᠡᠯᠲᠡ ᠂ ᠰᠦᠯᠵᠢᠶᠡᠨ ᠠᠷᠢᠯᠵᠢᠶ᠎ᠡ ᠂ ᠬᠡᠤᠬᠡᠯᠳᠡᠢ ᠵᠦᠴᠦᠭᠡ ᠂ ᠸᠠᠭᠠᠷ ᠤᠷᠠᠯᠠᠯ ᠂ ᠵᠠᠭᠤᠴᠢ ᠮᠡᠷᠭᠡᠵᠢᠯ ᠵᠡᠷᠭᠡ ᠲᠤᠰᠬᠠᠢ ᠮᠡᠷᠭᠡᠵᠢᠯ ᠢ ᠰᠤᠷᠤᠭᠴᠢᠳ ᠲᠣᠷ᠎ᠠ ᠪᠠᠬ᠎ᠠ ᠪᠠᠨ ᠦᠨᠳᠦᠰᠦᠯᠡᠵᠤ ᠂ ᠰᠡᠶᠢᠨ ᠲᠣᠷ᠎ᠠ ᠠᠴᠠ ᠪᠠᠨ ᠪᠠᠭᠰᠢ ᠪᠠ ᠲᠤᠰᠬᠠᠢ ᠮᠡᠷᠭᠡᠵᠢᠯ ᠢᠶᠡᠨ ᠰᠤᠩᠭᠤᠵᠤ ᠰᠤᠷᠤᠯᠴᠠᠳᠠᠭ ᠪᠠᠶᠢᠨ᠎ᠠ ᠃

0627_31

2016 ᠣᠨ  ᠤ7 ᠰᠠᠷ᠎ᠠ ᠳᠤ ᠪᠣᠯᠣᠭᠰᠠᠨ ᠪᠦᠬᠦ ᠤᠯᠤᠰ ᠤᠨ ᠠᠷᠪᠠᠨ ᠭᠤᠷᠪᠠᠳᠡᠬᠢ ᠨᠡᠶᠢᠲᠡᠮᠵᠢᠯ ᠮᠡᠷᠭᠡᠵᠢᠯ ᠦᠨ ᠬᠢᠴᠢᠶᠡᠯᠯᠡᠭᠡ ᠪᠠ ᠲᠤᠷᠰᠢᠯᠲᠠ ᠶᠢᠨ ᠬᠤᠷᠠᠯ ᠮᠠᠨ ᠤ ᠰᠤᠷᠭᠠᠭᠤᠯᠢ ᠳᠤ ᠠᠮᠵᠢᠯᠲᠠ  ᠲᠡᠢ ᠶᠠᠪᠤᠭᠳᠠᠵᠤ ᠂ ᠮᠠᠨ ᠤ ᠰᠤᠷᠭᠠᠭᠤᠯᠢ ᠶᠢᠨ ᠵᠢᠷᠭᠤᠭᠠᠨ ᠨᠡᠷ᠎ᠡ ᠰᠤᠷᠤᠭᠴᠢ ᠡᠭᠦᠳᠦᠭᠴᠢ ᠶᠢᠨ ᠤᠷᠤᠯᠳᠤᠭᠠᠨ ᠳᠤ ᠤᠷᠤᠯᠴᠠᠭᠠᠳ ᠨᠢᠭᠡᠳᠦᠭᠡᠷ ᠲᠡᠰ ᠦᠨ ᠱᠠᠩᠨᠠᠯ ᠤᠯᠤᠭᠰᠠᠨ ᠪᠠᠶᠢᠨ᠎ᠠ ᠃

IMG_4025

2017ᠣᠨ ᠤ3 ᠰᠠᠷ᠎ᠠ  ᠳᠤ ᠮᠠᠨ ᠤ ᠰᠤᠷᠭᠠᠭᠤᠯᠢ ᠦᠪᠡᠷᠳᠡᠭᠡᠨ ᠵᠠᠰᠠᠬᠤ ᠤᠷᠤᠨ ᠤ ᠮᠡᠳᠡᠯᠭᠡ ᠶᠢᠨ ᠲᠤᠰᠬᠠᠢ ᠠᠰᠢᠭ ᠤᠨ ᠲᠤᠷᠰᠢᠯᠲᠠ ᠶᠢᠨ ᠰᠤᠷᠭᠠᠭᠤᠯᠢ ᠪᠠᠷ ᠦᠨᠡᠯᠡᠭᠳᠡᠪᠡ ᠃

0627_44

2017ᠣᠨ ᠤ4 ᠰᠠᠷ᠎ᠠ ᠶᠢᠨ26 ᠦ ᠪᠦᠬᠦ ᠳᠡᠯᠡᠭᠡᠢ ᠶᠢᠨ ᠮᠡᠳᠡᠯᠭᠡ ᠶᠢᠨ ᠲᠤᠰᠬᠠᠢ ᠠᠰᠢᠭ ᠤᠨ ᠡᠳᠤᠷ ᠂ ᠂ ᠮᠠᠨ ᠤ ᠰᠤᠷᠭᠠᠭᠤᠯᠢ ᠳᠡᠳ᠋ ᠵᠠᠬᠢᠷᠤᠯ ᠤᠶᠤᠨ᠎ᠠ ᠶᠢᠨ ᠲᠠᠭᠠᠭᠤᠯᠭ᠎ᠠ ᠪᠠᠷ ᠪᠦᠬᠦ ᠬᠤᠳᠠ ᠶᠢᠨ ᠮᠡᠳᠡᠯᠭᠡ ᠶᠢᠨ ᠲᠤᠰᠬᠠᠢ ᠠᠰᠢᠭ ᠤᠨ ᠪᠤᠯᠪᠠᠰᠤᠷᠠᠯ ᠳᠤ ᠤᠷᠤᠯᠴᠠᠪᠠ ᠃

IMG_4033

2017ᠣᠨ ᠤ5 ᠰᠠᠷ᠎ᠠ  ᠳᠦ ᠦᠪᠡᠷᠳᠡᠭᠡᠨ ᠵᠠᠰᠠᠬᠤ ᠤᠷᠤᠨ ᠤ ᠮᠡᠳᠡᠯᠭᠡ ᠶᠢᠨ ᠲᠤᠰᠬᠠᠢ ᠠᠰᠢᠭ ᠤᠨ ᠲᠤᠪᠴᠢᠶᠠᠨ ᠤ ᠬᠡᠰᠢᠭᠮ᠎ᠡ ᠪᠠᠭᠰᠢ ᠶᠢ ᠤᠷᠢᠵᠤ ᠂ ᠳᠡᠭᠡᠳᠤ ᠨᠢᠭᠡ ᠪᠠ ᠳᠡᠭᠡᠳᠤ ᠬᠤᠶᠠᠷ ᠤᠨ ᠠᠩᠭᠢ ᠳᠤ ᠮᠡᠷᠭᠡᠵᠢᠯ ᠦᠨ ᠲᠤᠰᠬᠠᠢ ᠠᠰᠢᠭ ᠤᠨ ᠮᠡᠳᠡᠯᠭᠡ ᠶᠢᠨ ᠪᠤᠯᠪᠠᠰᠤᠷᠠᠯ ᠬᠢᠪᠡ ᠃

0627_21