Menu

ᠤᠷᠳᠤᠰ ᠬᠤᠳᠠ ᠵᠢᠨ ᠮᠤᠩᠭᠤᠯ ᠦᠨᠳᠦᠰᠦᠳᠡᠨ  ᠤ ᠲᠤᠮᠳᠠᠳᠤ ᠰᠤᠷᠭᠠᠭᠤᠯᠢ ᠵᠢᠨ ᠰᠢᠨ᠎ᠠ ᠬᠤᠭᠤᠴᠠᠭᠠᠨ  ᠤ ᠰᠤᠷᠭᠠᠭᠤᠯᠢ ᠡᠬᠢᠯᠡᠬᠦ ᠮᠡᠳᠡᠭᠳᠡᠯ

2017-07-28 / admin

(ᠤᠩᠰᠢᠭᠰᠠᠨ ᠤᠳᠠᠭ᠎ᠠ: 1,919 ᠤᠳᠠᠭ᠎ᠠ)

                                         ᠮᠡᠳᠡᠭᠳᠡᠯ

ᠰᠤᠷᠭᠠᠨ ᠬᠦᠮᠦᠵᠢᠯ ᠦᠨ ᠲᠤᠪᠴᠢᠶᠡᠨ ᠤ ᠪᠢᠴᠢᠭ ᠮᠠᠲ᠋ᠸᠷᠢᠶᠡᠯ ᠤᠨ ᠱᠠᠭᠠᠷᠳᠠᠯᠭ᠎ᠠ ᠵᠢᠴᠢ ᠮᠠᠨ ᠤ ᠰᠤᠷᠭᠠᠭᠤᠯᠢ ᠶᠢᠨ ᠪᠤᠳᠠᠳᠤ ᠪᠠᠶᠢᠳᠠᠯ ᠢ ᠦᠨᠳᠤᠰᠤᠯᠡᠨ ᠨᠠᠮᠤᠷ ᠤᠨ ᠬᠤᠭᠤᠴᠠᠭᠠᠨ ᠤ ᠪᠠᠭᠰᠢ ᠰᠤᠷᠤᠭᠴᠢᠤᠨ  ᠤᠨ ᠰᠤᠷᠭᠠᠭᠤᠯᠢ ᠡᠬᠢᠯᠡᠬᠦ ᠴᠠᠭ ᠢ ᠲᠤᠤᠷᠠᠬᠢ ᠮᠡᠳᠤ ᠲᠤᠬᠢᠷᠠᠭᠤᠯᠪᠠ ᠃

1.ᠲᠡᠬᠡᠳᠤ ᠭᠤᠷᠪᠠ ᠂ ᠠᠩᠬ᠎ᠠ ᠭᠤᠷᠪᠡ 8 ᠰᠠᠷ᠎ᠠ ᠶᠢᠨ 13 ᠦ ᠡᠳᠤᠷ ᠨᠡᠷ᠎ᠡ ᠮᠡᠳᠡᠬᠦᠯᠵᠤ 14 ᠤ ᠡᠳᠤᠷ  ᠡᠴᠡ ᠵᠢᠩᠬᠢᠨᠢ  ᠪᠠᠷ ᠬᠢᠴᠢᠶᠡᠯᠯᠡᠨ᠎ᠡ ᠃

2.ᠲᠡᠬᠡᠳᠤ ᠨᠢᠬᠡ ᠶᠢᠨ ᠰᠢᠨ᠎ᠡ ᠰᠤᠷᠤᠭᠴᠢᠤᠨ 8 ᠰᠠᠷ᠎ᠠ ᠶᠢᠨ 16 ᠦ ᠡᠳᠤᠷ ᠤᠨ ᠦᠳᠡ ᠶᠢᠨ ᠡᠮᠤᠨ᠎ᠡ ᠨᠡᠷ᠎ᠡ ᠮᠡᠳᠡᠬᠦᠯᠵᠤ ᠂ ᠦᠳᠡ ᠶᠢᠨ ᠬᠤᠶᠢᠨ᠎ᠠ ᠰᠢᠨ᠎ᠡ ᠰᠤᠷᠤᠭᠴᠢᠤᠨ ᠤᠨ ᠰᠤᠷᠤᠯᠭ᠎ᠠ ᠡᠬᠢᠯᠡᠬᠦ ᠶᠤᠰᠤᠯᠠᠯ ᠳᠤ ᠤᠷᠤᠯᠴᠠᠨ ᠂ 17 ᠤ ᠡᠳᠤᠷ  ᠡᠴᠡ ᠡᠬᠢᠯᠡᠨ ᠴᠡᠷᠢᠭ ᠦᠨ ᠪᠤᠯᠪᠠᠰᠤᠷᠠᠯ ᠳᠤ ᠤᠷᠤᠯᠴᠠᠨ᠎ᠠ ᠃

3. ᠲᠡᠬᠡᠳᠤ ᠬᠤᠶᠠᠷ ᠤᠨ ᠰᠤᠷᠤᠭᠴᠢᠤᠨ 8 ᠰᠠᠷ᠎ᠠ ᠶᠢᠨ 20 ᠦ ᠡᠳᠤᠷ ᠨᠠᠷ᠎ᠠ ᠮᠡᠳᠡᠬᠦᠯᠵᠤ ᠂ 21  ᠦ ᠡᠳᠤᠷ  ᠡᠴᠡ ᠵᠢᠩᠬᠢᠨᠢ  ᠪᠠᠷ ᠬᠢᠴᠢᠶᠡᠯᠯᠡᠨ᠎ᠡ ᠃

4.ᠠᠩᠬ᠎ᠠ ᠨᠢᠬᠡ ᠂ ᠠᠩᠬ᠎ᠠ ᠬᠤᠶᠠᠷ ᠤᠨ ᠰᠤᠷᠤᠭᠴᠢᠤᠨ 9 ᠰᠠᠷ᠎ᠠ ᠶᠢᠨ 3 ᠦ ᠡᠳᠦᠷ ᠨᠡᠷ᠎ᠡ ᠮᠡᠳᠡᠬᠦᠯᠵᠤ ᠂ 4  ᠤ ᠡᠳᠤᠷ  ᠡᠴᠡ ᠵᠢᠩᠬᠢᠨᠢ  ᠪᠠᠷ ᠬᠢᠴᠢᠶᠡᠯᠯᠡᠨ᠎ᠡ ᠃

5. ᠪᠠᠭᠰᠢ ᠠᠵᠢᠯᠳᠠᠨ 8 ᠰᠠᠷ᠎ᠠ ᠶᠢᠨ 17 ᠦ ᠡᠳᠤᠷ ᠤᠨ ᠦᠳᠡ ᠶᠢᠨ ᠡᠮᠤᠨ᠎ᠡ ᠶᠢᠨ 9 ᠄ 00 ᠴᠠᠭ ᠲᠤ ᠤᠶᠤᠨ ᠵᠢᠯᠦᠭᠤ ᠠᠰᠠᠷ ᠤᠨ ᠬᠤᠶᠠᠳᠤᠭᠠᠷ ᠲᠠᠪᠬᠤᠷᠭ᠎ᠠ ᠶᠢᠨ ᠮᠡᠳᠡᠬᠦᠯᠤᠯᠳᠠ ᠶᠢᠨ ᠲᠢᠩᠬᠢᠮ ᠳᠦ ᠰᠢᠨ᠎ᠡ ᠬᠤᠭᠤᠴᠠᠭᠠᠨ ᠤ ᠠᠵᠢᠯ ᠤᠨ ᠬᠤᠷᠠᠯ ᠳᠤ ᠤᠷᠤᠯᠴᠠᠨ᠎ᠠ ᠃  ︵ ᠠᠩᠬ᠎ᠠ ᠲᠤᠮᠳᠠᠳᠤ ᠶᠢᠨ ᠪᠠᠭᠰᠢ  ᠨᠠᠷ ᠤᠷᠤᠯᠴᠠᠬᠤ ᠦᠬᠡᠢ ᠪᠠᠶᠢᠵᠤ ᠪᠤᠯᠤᠨ᠎ᠠ ︶ ᠰᠠᠯᠠᠭᠠᠨ ᠲᠡᠰ  ᠡᠴᠡ ᠲᠡᠬᠡᠭᠰᠢ ᠺᠠᠳ᠋ᠷᠴᠤᠤᠨ 8 ᠰᠠᠷ᠎ᠠ ᠶᠢᠨ 14 ᠦ ᠡᠳᠤᠷ  ᠡᠴᠡ ᠡᠬᠢᠯᠡᠨ ᠵᠢᠩᠬᠢᠨᠢ  ᠪᠠᠷ ᠠᠵᠢᠯ ᠤᠨ ᠪᠠᠶᠢᠷᠢᠨ ᠳᠤ ᠭᠠᠷᠤᠨ᠎ᠠ ᠃

ᠤᠷᠳᠤᠰ ᠬᠤᠳᠠ ᠶᠢᠨ ᠮᠤᠩᠭᠤᠯ ᠦᠨᠳᠤᠰᠤᠳᠡᠨ ᠤ ᠲᠤᠮᠳᠠᠳᠤ ᠰᠤᠷᠭᠠᠭᠤᠯᠢ 2017 ᠤᠨ ᠤ 7 ᠰᠠᠷ᠎ᠠ ᠶᠢᠨ 26 ᠦ ᠡᠳᠤᠷ