Menu

ᠠᠩᠬ᠎ᠠ ᠳᠤᠮᠳᠠᠳᠤ ᠶᠢᠨ ᠣᠨ ᠤ ᠳᠤᠭᠤᠶᠢᠯᠠᠩ ᠤᠨ ᠬᠤᠭᠤᠴᠠᠭ᠎ᠠ ᠳᠤᠮᠳᠠ ᠶᠢᠨ ᠰᠢᠯᠭᠠᠯᠲᠠ ᠶᠢᠨ ᠵᠠᠳᠠᠯᠤᠯᠲᠠ ᠶᠢᠨ ᠬᠤᠷᠠᠯ

2018-01-09 / 798291220

(ᠤᠩᠰᠢᠭᠰᠠᠨ ᠤᠳᠠᠭ᠎ᠠ: 173 ᠤᠳᠠᠭ᠎ᠠ)

ᠰᠤᠷᠭᠠᠭᠤᠯᠢ ᠶᠢᠨ ᠤᠳᠤᠷᠢᠳᠤᠯᠭ᠎ᠠ ᠵᠢᠴᠢ ᠪᠠᠭᠰᠢᠨᠠᠷ ᠤᠨ ᠪᠤᠳᠠᠳᠤ ᠱᠠᠭᠠᠷᠳᠠᠯᠭ᠎ᠠ ᠶᠢ ᠦᠨᠳᠦᠰᠦᠯᠡᠨ ᠂ ᠲᠤᠰ ᠬᠤᠭᠤᠴᠠᠭᠠᠨ ᠤ ᠬᠤᠭᠤᠴᠠᠭ᠎ᠠ ᠳᠤᠮᠳᠠ ᠶᠢᠨ ᠰᠢᠯᠭᠠᠯᠲᠠ ᠶᠢᠨ ᠵᠠᠳᠠᠯᠤᠯᠲᠠ ᠶᠢᠨ ᠬᠤᠷᠠᠯ ᠢ ᠪᠦᠷᠢᠨ ᠰᠢᠨ᠎ᠡ ᠬᠡᠯᠪᠡᠷᠢ  ᠪᠠᠷ ᠬᠢᠵᠦ ᠂ ᠡᠯ᠎ᠡ ᠠᠩᠭᠢ ᠶᠢᠨ ᠡᠷᠬᠢᠯᠡᠭᠴᠢ ᠡᠴᠡ ᠭᠡᠷ ᠦᠨ ᠠᠬᠠᠮᠠᠳ ᠢ ᠵᠤᠬᠢᠶᠠᠨ ᠪᠠᠶᠢᠭᠤᠯᠵᠤ ᠂ ᠪᠠᠭᠰᠢ ᠂ ᠰᠤᠷᠤᠭᠴᠢ ᠂ ᠭᠡᠷ ᠦᠨ ᠠᠬᠠᠮᠠᠳ ᠬᠠᠮᠲᠤ  ᠪᠠᠷ ᠬᠤᠭᠤᠴᠠᠭ᠎ᠠ ᠳᠤᠮᠳᠠ ᠶᠢᠨ ᠰᠢᠯᠭᠠᠯᠲᠠ ᠶᠢ ᠵᠠᠳᠠᠯᠬᠤ  ᠪᠠᠷ ᠲᠤᠭᠲᠠᠭᠰᠠᠨ ᠪᠠᠶᠢᠨ᠎ᠠ ᠃2017 ᠣᠨ ᠤ11 ᠰᠠᠷ᠎ᠠ ᠶᠢᠨ 10 ᠦ ᠡᠳᠦᠷ ᠦᠨ ᠦᠳᠡ ᠶᠢᠨ ᠬᠤᠶᠢᠨ᠎ᠠ ᠶᠢᠨ ᠴᠠᠭᠲᠤᠷ ᠂ ᠤᠷᠳᠤᠰ ᠬᠤᠲᠠ ᠶᠢᠨ ᠮᠤᠩᠭᠤᠯ ᠦᠨᠳᠦᠰᠦᠲᠡᠨ ᠦ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠣᠨ ᠤ ᠳᠤᠭᠤᠶᠢᠯᠠᠩ ᠤᠨ ᠵᠢᠷᠭᠤᠭᠠᠨ ᠠᠩᠭᠢ ᠶᠢᠨ ᠭᠡᠷ ᠦᠨ ᠠᠬᠠᠮᠠᠳ ᠲᠤᠰ ᠲᠤᠰ ᠤᠨ ᠭᠡᠤᠭᠡᠳ ᠤᠨ ᠠᠩᠭᠢ ᠳᠤ ᠵᠠᠳᠠᠯᠤᠯᠲᠠ ᠶᠢᠨ ᠬᠤᠷᠠᠯ ᠳᠦ ᠣᠷᠣᠯᠴᠠᠭᠰᠠᠨ ᠪᠠᠶᠢᠨ᠎ᠠ ᠃ ᠬᠢᠴᠢᠶᠡᠯᠯᠡᠭᠴᠢ ᠪᠠᠭᠰᠢ ᠠᠴᠠ ᠡᠯ᠎ᠡ ᠬᠢᠴᠢᠶᠡᠯ ᠲᠦᠷᠦᠯ ᠦᠨ ᠰᠢᠯᠭᠠᠭᠰᠠᠨ ᠪᠠᠶᠢᠳᠠᠯ ᠂ ᠰᠢᠯᠭᠠᠯᠲᠠ ᠶᠢᠨ ᠰᠡᠳᠦᠪ ᠦᠨ ᠵᠠᠳᠠᠯᠤᠯᠲᠠ ᠂ ᠰᠤᠷᠤᠭᠴᠢᠳ ᠤᠨ ᠶᠡᠷᠦ ᠶᠢᠨ ᠬᠢᠴᠢᠶᠡᠯ ᠳᠤᠮᠳᠠᠬᠢ ᠢᠯᠡᠷᠡᠯ ᠢ ᠭᠡᠷ ᠦᠨ ᠠᠬᠠᠮᠠᠳ ᠲᠤ ᠲᠠᠨᠢᠯᠴᠠᠭᠤᠯᠤᠨ ᠂ ᠰᠠᠨᠠᠯ ᠱᠠᠭᠠᠷᠳᠠᠯᠭ᠎ᠠ  ᠪᠠᠨ ᠳᠡᠪᠰᠢᠬᠦᠯᠪᠡ ᠃ ᠠᠩᠭᠢ ᠶᠢᠨ ᠡᠷᠬᠢᠯᠡᠭᠴᠢ ᠡᠴᠡ ᠶᠡᠷᠦᠩᠬᠡᠢ ᠪᠠᠶᠢᠳᠠᠯ ᠢ ᠵᠠᠳᠠᠯᠵᠤ ᠂ ᠠᠩᠭᠢ ᠳᠤ ᠤᠷᠤᠰᠢᠵᠤ ᠪᠠᠶᠢᠭ᠎ᠠ ᠠᠰᠠᠭᠤᠳᠠᠯ ᠢ ᠵᠠᠳᠠᠯᠤᠨ᠂ ᠭᠡᠷ ᠦᠨ ᠠᠬᠠᠮᠠᠳ ᠤᠨ ᠰᠠᠨᠠᠯ ᠵᠦᠪᠯᠡᠯᠭᠡ ᠶᠢ ᠬᠦᠯᠢᠶᠡᠨ ᠠᠪᠴᠤ ᠂ ᠲᠤᠰ ᠤᠳᠠᠭᠠᠨ ᠤ ᠬᠤᠷᠠᠯ ᠢ ᠲᠡᠭᠦᠰ ᠠᠮᠵᠢᠯᠲᠠ ᠲᠠᠢ ᠲᠡᠬᠦᠰᠭᠡᠪᠡ᠃

新建文件夹IMG_2495
新建文件夹IMG_2496
新建文件夹IMG_2497
新建文件夹IMG_2498
新建文件夹IMG_2499
新建文件夹IMG_2500
新建文件夹IMG_2501
新建文件夹IMG_2502
新建文件夹IMG_2503
新建文件夹IMG_2504
新建文件夹IMG_2505
新建文件夹IMG_2506
新建文件夹IMG_2507