Menu

ᠪᠠᠷᠠᠭᠤᠨ ᠦᠵᠦᠮᠦᠴᠢᠨ ᠬᠤᠰᠢᠭᠤᠨ  ᠤ ᠶᠡᠷᠦᠩᠭᠡᠶᠢᠯᠡᠭᠰᠡᠨ ᠲᠤᠮᠳᠠᠳᠤ ᠰᠤᠷᠭᠠᠭᠤᠯᠢ ᠵᠢᠨ ᠬᠠᠷᠢᠭᠤᠴᠠᠯᠭᠠᠳᠠᠳ ᠮᠠᠨ  ᠤ ᠰᠤᠷᠭᠠᠭᠤᠯᠢ ᠳ᠋ᠥ ᠢᠷᠡᠵᠤ ᠲᠤᠭᠤᠷᠢᠨ ᠦᠵᠡᠪᠡ

2018-10-25 / admin

(ᠤᠩᠰᠢᠭᠰᠠᠨ ᠤᠳᠠᠭ᠎ᠠ: 109 ᠤᠳᠠᠭ᠎ᠠ)

2018 ᠤᠨ  ᠤ 10 ᠳ᠋ᠤᠭᠠᠷ ᠰᠠᠷ᠎ᠠ ᠵᠢᠨ 22  ᠤᠨ ᠡᠳᠤᠷ ᠤᠷᠬᠤᠨ ᠺᠤᠮᠫᠠᠨᠢ ᠵᠢᠨ ᠮᠡᠷᠭᠡᠵᠢᠯᠳᠡᠨ ᠲᠡᠷᠭᠡᠯ  ᠤᠨ ᠲᠠᠭᠠᠭᠤᠯᠭ᠎ᠠ  ᠪᠠᠷ ᠰᠢᠯᠢ ᠵᠢᠨ ᠭᠤᠤᠯ ᠠᠶᠢᠮᠠᠭ  ᠤᠨ ᠪᠠᠷᠠᠭᠤᠨ ᠦᠵᠦᠮᠦᠴᠢᠨ ᠬᠤᠰᠢᠭᠤᠨ  ᠤ  ᠶᠡᠷᠦᠩᠭᠡᠶᠢᠯᠡᠭᠰᠡᠨ ᠲᠤᠮᠳᠠᠳᠤ ᠰᠤᠷᠭᠠᠭᠤᠯᠢ ᠵᠢᠨ ᠳᠡᠳ᠋ ᠵᠠᠬᠢᠷᠤᠯ ᠵᠤᠤ ᠵᠦᠩ ᠾᠦᠩ ᠲᠡᠷᠢᠬᠦᠳᠡᠢ 4 ᠬᠦᠮᠦᠨ ᠮᠠᠨ  ᠤ ᠰᠤᠷᠭᠠᠭᠤᠯᠢ ᠳ᠋ᠥ ᠢᠷᠡᠵᠤ ᠲᠤᠭᠤᠷᠢᠨ ᠦᠵᠡᠬᠦ ᠵᠢᠨ ᠬᠠᠮᠳᠤ ᠤᠶᠤᠨᠴᠢ ᠰᠤᠷᠭᠠᠭᠤᠯᠢ ᠵᠢᠨ ᠬᠦᠷᠢᠶᠡᠨ  ᠤ ᠪᠦᠳᠦᠭᠡᠨ ᠪᠠᠶᠢᠭᠤᠯᠤᠯᠳᠠ  ᠶᠢ ᠲᠤᠰᠬᠠᠶᠢᠯᠠᠨ ᠰᠤᠷᠪᠤᠯᠵᠢᠯᠠᠵᠤ ᠂ ᠬᠢᠨᠠᠮᠠᠭᠠᠢ ᠰᠤᠷᠤᠯᠴᠠᠭᠰᠠᠨ ᠪᠠᠶᠢᠨ᠎ᠠ ᠃

ᠮᠠᠨ  ᠤ ᠰᠤᠷᠭᠠᠭᠤᠯᠢ ᠵᠢᠨ ᠤᠶᠤᠨᠴᠢ ᠰᠤᠷᠭᠠᠭᠤᠯᠢ ᠵᠢᠨ ᠬᠦᠷᠢᠶᠡᠨ  ᠤ ᠪᠦᠳᠦᠭᠡᠨ ᠪᠠᠶᠢᠭᠤᠯᠤᠯᠳᠠ ᠪᠤᠯ ᠤᠷᠬᠤᠨ ᠺᠤᠮᠫᠠᠨᠢ ᠵᠢᠨ ᠮᠡᠷᠭᠡᠵᠢᠯ ᠵᠢᠡᠷ ᠨᠢᠷᠤᠭᠤᠪᠴᠢ ᠪᠤᠯᠭᠠᠨ ᠮᠠᠨ  ᠤ ᠰᠤᠷᠭᠠᠭᠤᠯᠢ ᠵᠢᠨ ᠡᠯ᠎ᠡ ᠰᠠᠯᠠᠭ᠎ᠠ ᠲᠠᠰᠤᠭ ᠵᠢᠴᠢ ᠤᠯᠠᠨ ᠪᠠᠭᠰᠢ  ᠨᠠᠷ ᠭᠡᠷᠡᠭᠴᠡᠭᠡ ᠱᠠᠭᠠᠷᠳᠠᠯᠭ᠎ᠠ  ᠪᠠᠨ ᠦᠨᠳᠦᠰᠦᠯᠡᠵᠤ ᠪᠡᠶ᠎ᠡ  ᠪᠠᠨ ᠲᠠᠭᠠᠭᠠᠵᠤ ᠰᠡᠳᠤᠨ ᠭᠠᠷᠭᠠᠭᠰᠠᠨ ᠤᠯᠠᠨ ᠴᠢᠳᠠᠮᠵᠢᠳᠤ ᠭᠡᠷᠡᠭᠯᠡᠭᠡᠨ  ᠤ ᠲᠠᠪᠴᠠᠩ ᠪᠤᠯᠤᠨ᠎ᠠ ᠃ ᠲᠤᠰ ᠲᠠᠪᠴᠠᠩ  ᠨᠢ ᠮᠤᠩᠭᠤᠯ ᠰᠤᠷᠭᠠᠨ ᠬᠦᠮᠦᠵᠢᠯ ᠪᠠ ᠬᠠᠮᠢᠶᠠᠷᠤᠯᠳᠠ ᠵᠢᠨ ᠶᠡᠭᠡ  ᠳᠠᠶᠢᠲ᠋ᠠ ᠬᠦᠮᠦᠷᠭᠡ  ᠶᠢ ᠪᠠᠶᠢᠭᠤᠯᠬᠤ ᠳ᠋ᠥ ᠰᠠᠭᠤᠷᠢ ᠲᠠᠯᠪᠢᠵᠤ ᠪᠠᠶᠢᠭ᠎ᠠ ᠪᠦᠭᠡᠳ ᠪᠠᠭᠰᠢ  ᠨᠠᠷ  ᠤᠨ ᠬᠠᠷᠢᠯᠴᠠᠨ ᠰᠤᠷᠤᠯᠴᠠᠬᠤ ᠂ ᠤᠨᠴᠠᠭᠠᠶᠢᠯᠠᠨ ᠵᠠᠯᠠᠭᠤ ᠪᠠᠭᠰᠢ ᠵᠢᠨ ᠤᠬᠤᠷᠬᠠᠨ ᠬᠤᠭᠤᠴᠠᠭᠠᠨ ᠳ᠋ᠥ ᠠᠵᠢᠯ ᠲᠦᠷᠦᠯ ᠳ᠋ᠥ  ᠪᠠᠨ ᠮᠡᠷᠭᠡᠵᠢᠬᠦ ᠂ ᠰᠤᠷᠤᠭᠴᠢᠳ  ᠤᠨ ᠦᠪᠡᠷᠰᠡᠳ ᠵᠢᠡᠨ ᠰᠤᠷᠤᠯᠴᠠᠬᠤ ᠳ᠋ᠥ ᠢᠳᠡᠪᠬᠢ ᠦᠢᠯᠡᠳᠤᠯ ᠦᠵᠡᠬᠦᠯᠵᠤ ᠪᠠᠶᠢᠭ᠎ᠠ ᠪᠦᠭᠡᠳ ᠴᠢᠨᠠᠭᠰᠢᠯᠠᠪᠠᠯ ᠪᠦᠬᠦ ᠮᠤᠩᠭᠤᠯ ᠰᠤᠷᠭᠠᠭᠤᠯᠢ  ᠤᠳ  ᠤᠨ ᠪᠠᠭᠰᠢ  ᠨᠠᠷ  ᠤᠨ ᠶᠠᠪᠤᠯᠴᠠᠭ᠎ᠠ  ᠶᠢ ᠨᠢᠭᠳᠠᠷᠠᠭᠤᠯᠬᠤ ᠂ ᠠᠷᠭ᠎ᠠ ᠲᠤᠷᠰᠢᠯᠭ᠎ᠠ  ᠪᠠᠨ ᠰᠤᠯᠢᠯᠴᠠᠬᠤ ᠂ ᠡᠬᠢ ᠰᠤᠷᠪᠤᠯᠵᠢ  ᠶᠢ ᠬᠠᠮᠳᠤ  ᠪᠠᠷ ᠡᠬᠦᠳᠬᠦ ᠂ ᠬᠠᠮᠳᠤ  ᠪᠠᠷ ᠡᠳ᠋ᠯᠡᠬᠦ ᠳ᠋ᠥ ᠠᠰᠢᠭ ᠪᠦᠬᠦᠢ ᠠᠯᠤᠰ ᠭᠡᠳᠤ ᠵᠢᠨ ᠠᠴᠢ ᠬᠤᠯᠪᠤᠭᠳᠠᠯ  ᠲᠠᠢ ᠪᠠᠶᠢᠭ᠎ᠠ ᠶᠤᠮ ᠃ ᠲᠤᠰ ᠤᠳᠠᠭ᠎ᠠ ᠵᠤᠤ ᠵᠠᠬᠢᠷᠤᠯ ᠂ ᠤᠯᠤᠰ ᠲᠦᠷᠦ ᠵᠢᠨ ᠬᠦᠮᠦᠵᠢᠯ  ᠤᠨ ᠭᠠᠵᠠᠷ  ᠤᠨ ᠡᠷᠬᠢᠯᠡᠭᠴᠢ ᠂ ᠬᠢᠴᠢᠶᠡᠯ ᠬᠦᠮᠦᠵᠢᠯ  ᠤᠨ ᠭᠠᠵᠠᠷ  ᠤᠨ ᠡᠷᠬᠢᠯᠡᠭᠴᠢ ᠂ ᠵᠢᠭᠠᠬᠤ  ᠶᠢ ᠰᠤᠳᠤᠯᠬᠤ ᠲᠠᠰᠤᠭ  ᠤᠨ ᠡᠷᠬᠢᠯᠡᠭᠴᠢ ᠮᠠᠨ  ᠤ ᠰᠤᠷᠭᠠᠭᠤᠯᠢ ᠵᠢᠨ ᠤᠶᠤᠨᠴᠢ ᠰᠤᠷᠭᠠᠭᠤᠯᠢ ᠵᠢᠨ ᠬᠦᠷᠢᠶᠡᠨ  ᠤ ᠪᠦᠳᠦᠭᠡᠨ ᠪᠠᠶᠢᠭᠤᠯᠤᠯᠳᠠ  ᠶᠢ ᠪᠦᠬᠦ ᠲᠠᠯ᠎ᠠ  ᠪᠠᠷ ᠵᠠᠬ᠎ᠠ ᠲᠠᠷᠠᠭᠠᠯᠠᠨ ᠦᠵᠡᠵᠤ ᠯᠠᠪᠯᠠᠨ ᠠᠰᠠᠭᠤᠭᠰᠠᠨ ᠪᠦᠭᠡᠳ ᠰᠤᠷᠤᠭᠴᠢ ᠵᠢᠨ ᠬᠠᠮᠢᠶᠠᠷᠤᠯᠳᠠ ᠵᠢᠨ ᠰᠢᠰᠲ᠋ᠸᠮ ᠂ ᠰᠢᠯᠭᠠᠯᠳᠠ ᠦᠵᠡᠬᠦ ᠰᠢᠰᠲ᠋ᠸᠮ ᠵᠡᠷᠭᠡ ᠳ᠋ᠥ ᠤᠨᠴᠠᠭᠠᠢ ᠠᠰᠠᠭᠤᠨ ᠯᠠᠪᠯᠠᠯᠳᠠ ᠬᠢᠵᠤ ᠂ ᠮᠠᠨ  ᠤ ᠰᠤᠷᠭᠠᠭᠤᠯᠢ  ᠡᠴᠡ ᠰᠤᠷᠤᠯᠴᠠᠨ ᠤᠶᠤᠨᠴᠢ ᠰᠤᠷᠭᠠᠭᠤᠯᠢ ᠵᠢᠨ ᠬᠦᠷᠢᠶᠡᠨ  ᠤ ᠪᠦᠳᠦᠭᠡᠨ ᠪᠠᠶᠢᠭᠤᠯᠤᠯᠳᠠ ᠬᠢᠨ᠎ᠡ ᠭᠡᠵᠤ ᠵᠤᠷᠢᠭ ᠵᠢᠡᠨ ᠢᠯᠡᠳᠭᠡᠬᠦ ᠵᠢᠨ ᠬᠠᠮᠳᠤ ᠬᠤᠵᠢᠮ ᠦᠷᠬᠦᠯᠵᠢ ᠬᠠᠷᠢᠯᠴᠠᠨ ᠂ ᠲᠠᠪᠠᠭᠤᠯᠢᠭ ᠲᠠᠯ᠎ᠠ  ᠪᠠᠨ ᠰᠤᠷᠤᠯᠴᠠᠨ ᠂ ᠬᠦᠷᠦᠯᠴᠠᠬᠦ ᠲᠠᠯ᠎ᠠ  ᠪᠠᠨ ᠬᠠᠯᠠᠨ ᠰᠠᠶᠢᠵᠢᠷᠠᠭᠤᠯᠵᠤ ᠪᠠᠶᠢᠵᠠᠭᠠᠶ᠎ᠠ ᠭᠡᠵᠤ ᠬᠦᠰᠡᠯ ᠵᠢᠡᠨ ᠢᠯᠡᠳᠭᠡᠭᠰᠡᠨ ᠪᠠᠶᠢᠨ᠎ᠠ ᠃

1
2
3