ᠴᠢᠪᠠᠭ᠎ᠠ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠵᠢᠨ ᠪᠠᠭᠰᠢ ᠨᠠᠷ ᠮᠠᠨ ᠤ ᠰᠤᠷᠭᠠᠭᠤᠯᠢ ᠳ᠋ᠥ ᠢᠷᠡᠵᠤ ᠲᠤᠭᠤᠷᠢᠨ ᠦᠵᠡᠪᠡ
2018 ᠤᠨ ᠤ 10 ᠳᠤᠭᠠᠷ ᠰᠠᠷ᠎ᠠ ᠵᠢᠨ 22 ᠤᠨ ᠡᠳᠤᠷ ᠤᠯᠠᠭᠠᠨᠬᠠᠳᠠ ᠬᠤᠳᠠ ᠵᠢᠨ ᠠᠷᠤ ᠬᠤᠷᠴᠢᠨ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶᠠᠨ ᠤ ᠲᠡᠳ᠋ ᠲᠠᠷᠤᠭ᠎ᠠ ᠭᠡᠷᠡᠯᠳᠤ ᠵᠢᠨ ᠲᠠᠭᠠᠭᠤᠯᠭ᠎ᠠ ᠪᠠᠷ ᠴᠢᠪᠠᠭ᠎ᠠ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠵᠢᠨ ᠵᠠᠬᠢᠷᠤᠯ ᠰᠠᠩᠭ᠎ᠠ ᠲᠡᠷᠢᠬᠦᠳᠡᠢ ᠲᠠᠢ 26 ᠬᠦᠮᠦᠨ ᠮᠠᠨ ᠤ ᠰᠤᠷᠭᠠᠭᠤᠯᠢ ᠳ᠋ᠥ ᠢᠷᠡᠵᠤ ᠲᠤᠭᠤᠷᠢᠨ ᠦᠵᠡᠬᠦ ᠵᠢᠨ ᠬᠠᠮᠳᠤ ᠠᠩᠬ᠎ᠠ ᠲᠤᠮᠳᠠᠳᠤ ᠵᠢᠨ ᠭᠡᠯᠡ ᠪᠢᠴᠢᠭ ᠤᠨ ᠬᠢᠴᠢᠶᠡᠯ ᠢ ᠰᠤᠨᠤᠰᠴᠤ ᠂ ᠠᠩᠬ᠎ᠠ ᠲᠤᠮᠳᠠᠳᠤ ᠵᠢᠨ ᠭᠡᠯᠡ ᠪᠢᠴᠢᠭ ᠤᠨ ᠪᠠᠭᠰᠢ ᠨᠠᠷ ᠲᠠᠢ ᠬᠢᠴᠢᠶᠡᠯ ᠤᠨ ᠦᠨᠡᠯᠡᠯᠳᠡ ᠬᠢᠬᠦ ᠬᠦᠳᠡᠯᠭᠡᠭᠡᠨ ᠳᠤ ᠤᠷᠤᠯᠴᠠᠪᠠ ᠃ ᠲᠤᠰ ᠬᠦᠳᠡᠯᠭᠡᠭᠡᠨ ᠨᠢ ᠬᠤᠶᠠᠷ ᠰᠤᠷᠭᠠᠭᠤᠯᠢ ᠵᠢᠨ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠶᠢ ᠭᠡᠷᠬᠢᠨ ᠡᠷᠬᠢᠯᠡᠬᠦ ᠤᠨᠤᠯᠵᠢᠬᠤᠨ ᠪᠠ ᠬᠠᠮᠢᠶᠠᠷᠤᠯᠳᠠ ᠵᠢᠨ ᠤᠶᠢᠯᠠᠭᠠᠯᠴᠠᠭ᠎ᠠ ᠶᠢ ᠪᠤᠢ ᠪᠤᠯᠭᠠᠵᠤ ᠂ ᠮᠠᠨ ᠤ ᠰᠤᠷᠭᠠᠭᠤᠯᠢ ᠵᠢᠨ ᠠᠩᠬ᠎ᠠ ᠲᠤᠮᠳᠠᠳᠤ ᠵᠢᠨ ᠬᠢᠨ ᠭᠡᠯᠡ ᠪᠢᠴᠢᠭ ᠤᠨ ᠵᠢᠭᠠᠨ ᠰᠤᠷᠭᠠᠯᠳᠠ ᠵᠢᠨ ᠶᠠᠰᠤ ᠴᠢᠨᠠᠷ ᠢ ᠨᠠᠩ ᠦᠨᠳᠦᠷ ᠭᠡᠮᠵᠢᠶᠡᠨ ᠳ᠋ᠥ ᠬᠦᠷᠭᠡᠬᠦ ᠪᠠᠷ ᠴᠢᠷᠮᠠᠶᠢᠵᠤ ᠪᠠᠶᠢᠭ᠎ᠠ ᠶᠢ ᠬᠠᠷᠠᠭᠤᠯᠤᠭᠰᠠᠨ ᠪᠠᠶᠢᠨ᠎ᠠ ᠃




