Menu

ᠮᠠᠨ  ᠤ ᠰᠤᠷᠭᠠᠭᠤᠯᠢ ᠵᠢᠨ ᠰᠤᠷᠤᠭᠴᠢᠳ ᠪᠦᠬᠦ ᠬᠤᠳᠠ ᠵᠢᠨ ︽ ᠡᠯ᠎ᠡ ᠥᠨᠳᠦᠰᠦᠲᠡᠨ ᠪᠥᠯᠬᠥᠮᠳᠡᠨ ᠨᠢᠭᠡ ᠭᠡᠷ ᠮᠡᠲᠤ ᠳᠤᠲᠤᠨᠤ ᠂ ᠳᠣᠮᠳᠠᠳᠤ ᠶᠢᠨ ᠬᠦᠰᠡᠯ ᠢᠶᠡᠨ ᠬᠠᠮᠲᠤ ᠪᠠᠷ ᠪᠡᠶᠡᠯᠡᠭᠦᠯᠥᠶ᠎ᠡ ︾ ᠭᠡᠬᠦ ᠭᠣᠣᠯ ᠰᠡᠳᠤᠪᠲᠤ ᠶᠠᠷᠢᠶ᠎ᠠ ᠢᠯᠡᠳᠬᠡᠯ ᠦᠨ ᠣᠷᠣᠯᠳᠣᠭᠠᠨ ᠳ᠋ᠥ ᠲᠤᠪᠤᠶᠢᠮ᠎ᠠ ᠠᠮᠵᠢᠯᠳᠠ ᠤᠯᠤᠯ᠎ᠠ

2018-10-29 / admin

(ᠤᠩᠰᠢᠭᠰᠠᠨ ᠤᠳᠠᠭ᠎ᠠ: 187 ᠤᠳᠠᠭ᠎ᠠ)

ᠣᠷᠳᠣᠰ ᠬᠤᠲᠠ ᠶᠢᠨ ᠪᠦᠬᠦ ᠤᠯᠤᠰ ᠤᠨ ᠦᠨᠳᠦᠰᠦᠲᠡᠨ ᠦ ᠪᠦᠯᠬᠦᠮᠳᠡᠯ ᠳᠠᠪᠰᠢᠯᠲᠡ ᠶᠢᠨ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠪᠣᠯᠣᠨ ᠬᠢᠶ᠎ᠠ ᠪᠠᠭᠰᠢ ᠲᠤᠭᠤᠷᠢᠭ ᠤᠨ ᠦᠪᠦᠷ ᠮᠣᠩᠭᠣᠯ ᠤᠨ ᠦᠪᠡᠷᠳᠡᠭᠡᠨ ᠵᠠᠰᠠᠬᠤ ᠣᠷᠣᠨ ᠤ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠲᠤᠭᠤᠷᠢᠭ ᠢ ᠡᠭᠥᠳᠥᠨ ᠪᠠᠶᠢᠭᠤᠯᠬᠤ ᠠᠵᠢᠯ ᠢ ᠤᠯᠠᠮ ᠡᠷᠴᠢᠮᠵᠢᠭᠦᠯᠵᠥ ᠂ ᠡᠶ᠎ᠡ ᠴᠤᠬᠢᠴᠠᠯᠲᠤ ᠨᠡᠶᠢᠭᠡᠮ ᠦᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠂ ᠣᠷᠳᠣᠰ ᠬᠤᠲᠠ ᠶᠢᠨ ᠦᠨᠳᠦᠰᠦᠲᠡᠨ ᠦ ᠬᠡᠷᠡᠭ ᠡᠷᠬᠢᠯᠡᠬᠦ ᠵᠥ᠍ᠪᠯᠡᠯ ᠂ ᠬᠢᠶ᠎ᠠ ᠪᠠᠭᠰᠢ ᠲᠤᠭᠤᠷᠢᠭ ᠤᠨ ᠥᠨᠳᠥᠰᠥᠲᠡᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠲᠣᠪᠴᠢᠶ᠎ᠠ ᠠᠴᠠ ᠭᠤᠤᠯᠯᠠᠨ ᠡᠷᠬᠢᠯᠡᠭᠰᠡᠨ ︽ ᠡᠯ᠎ᠡ ᠥᠨᠳᠦᠰᠦᠲᠡᠨ ᠪᠥᠯᠬᠥᠮᠳᠡᠨ ᠨᠢᠭᠡ ᠭᠡᠷ ᠮᠡᠲᠤ ᠳᠤᠲᠤᠨᠤ ᠂ ᠳᠣᠮᠳᠠᠳᠤ ᠶᠢᠨ ᠬᠦᠰᠡᠯ ᠢᠶᠡᠨ ᠬᠠᠮᠲᠤ ᠪᠠᠷ ᠪᠡᠶᠡᠯᠡᠭᠦᠯᠥᠶ᠎ᠡ ︾ ᠭᠡᠬᠦ ᠭᠣᠣᠯ ᠰᠡᠳᠤᠪᠲᠤ ᠶᠠᠷᠢᠶ᠎ᠠ ᠢᠯᠡᠳᠬᠡᠯ ᠦᠨ ᠣᠷᠣᠯᠳᠣᠭᠠᠨ 2018 ᠣᠨ ᠤ 10 ᠰᠠᠷ᠎ᠠ ᠶᠢᠨ 27 ᠂ 28 ᠤ ᠡᠳᠣᠷ ᠬᠢᠶ᠎ᠠ ᠪᠠᠭᠰᠢ ᠲᠣᠭᠣᠷᠢᠭ ᠲᠤ ᠶᠠᠪᠤᠭᠳᠠᠵᠤ ᠂ ᠮᠠᠨ ᠤ ᠰᠤᠷᠭᠠᠭᠤᠯᠢ ᠡᠴᠡ ᠨᠡᠶᠢᠲᠡ 28 ᠰᠤᠷᠤᠭᠴᠢ ᠤᠷᠤᠯᠴᠠᠨ ᠂ ᠳᠡᠭᠡᠳᠦ ᠨᠢᠭᠡ ᠶᠢᠨ 235 ᠪᠥᠯᠥᠭ ᠦᠨ ᠠᠶᠠᠨᠴᠢᠨ ᠲᠡᠷᠢᠭᠦᠨ ᠨᠠᠷ᠎ᠡ ᠂ ᠳᠡᠭᠡᠳᠦ ᠬᠣᠶᠠᠷ ᠤᠨ 227 ᠪᠦᠯᠥᠭ ᠦᠨ ᠢᠨ᠎ᠠ ᠳᠡᠳ᠋ ᠂ ᠳᠡᠭᠡᠳᠦ ᠨᠢᠭᠡ ᠶᠢᠨ 238 ᠪᠥᠯᠥᠭ ᠦᠨ ᠨᠢᠩᠵᠢᠨ ᠂ ᠳᠡᠭᠡᠳᠦ ᠭᠤᠷᠪᠠ ᠶᠢᠨ 222 ᠪᠦᠯᠦᠭ ᠦᠨ ᠮᠦᠰᠦᠨ ᠭᠤᠳᠠᠭᠠᠷ ᠲᠤ ᠲᠤᠳᠤᠷᠠᠭᠠᠳ ᠂ ᠵᠢᠯᠤᠭᠤᠳᠤᠭᠴᠢ ᠤᠳᠤᠩᠭᠤᠸ᠎ᠠ ᠪᠠᠭᠰᠢ ᠰᠢᠯᠢᠳᠡᠭ ᠵᠣᠬᠢᠶᠠᠨ ᠪᠠᠶᠢᠭᠤᠯᠤᠭᠰᠠᠨ ᠬᠤᠪᠢ ᠬᠦᠮᠦᠨ ᠢᠶᠡᠷ ᠦᠨᠡᠯᠡᠭᠳᠡᠵᠦ ᠂ ᠭᠢᠯᠡᠷᠠᠭᠤᠯᠤᠭᠰᠠᠨ ᠰᠠᠶᠢᠨᠬᠠᠨ ᠬᠢᠷᠢ ᠪᠥ᠍ᠲᠥᠮᠵᠢ  ᠲᠠᠢ ᠭᠠᠨᠵᠤᠭ᠎ᠠ ᠳᠦᠭᠦᠷᠡᠩ ᠪᠤᠴᠠᠵᠤ ᠢᠷᠡᠨ ᠂ ᠮᠠᠨ ᠤ ᠰᠤᠷᠭᠠᠭᠤᠯᠢ ᠶᠢᠨ ᠵᠢᠭᠠᠨ ᠰᠤᠷᠭᠠᠯᠲᠠ ᠂ ᠶᠤᠰᠤ ᠪᠤᠯᠪᠠᠰᠤᠷᠠᠯ ᠂ ᠠᠪᠢᠶᠠᠰ ᠪᠢᠯᠢᠭ ᠡᠯ᠎ᠡ ᠲᠠᠯ᠎ᠠ  ᠪᠠᠷ ᠰᠤᠷᠤᠭᠴᠢ ᠶᠢ ᠴᠥ᠍ᠮ ᠰᠠᠶᠢᠲᠤᠷ ᠠᠳᠬᠤᠵᠤ ᠪᠠᠶᠢᠳᠠᠭ  ᠢ ᠳᠠᠬᠢᠨ ᠨᠢᠭᠡ ᠤᠳᠠᠭ᠎ᠠ ᠨᠡᠶᠢᠭᠡᠮ ᠨᠡᠶᠢᠲᠡ ᠳᠦ ᠮᠡᠳᠡᠷᠡᠬᠦᠯᠵᠤ ᠂ ᠲᠠᠶᠠᠭᠠᠷ ᠤᠯᠠᠨ  ᠤ ᠮᠠᠭᠳᠠᠭᠠᠯ ᠰᠠᠶᠢᠰᠢᠶᠠᠯ ᠢ ᠬᠦᠷᠳᠡᠭᠰᠡᠨ ᠪᠠᠶᠢᠨ᠎ᠠ ᠃

图片1
图片2
图片3
图片4

 

 

 

 

 

 

 

 

 

 

 

 

 

 

 

 

 

 

 

 

 

 

 

 

 

 

 

 

 

 

 

 

 

 

 

 

 

 

 

 

 

 

 

 

 

 

 

 

ᠮᠡᠳᠡᠭᠡᠯᠡᠭᠴᠢ ᠄ ᠬᠡᠯᠡ ᠪᠢᠴᠢᠭ ᠦᠨ ᠳᠤᠭᠤᠶᠢᠯᠠᠩ