Menu

ᠨᠤᠮ  ᠡᠴᠡ ᠰᠠᠯᠬᠤ ᠦᠭᠡᠢ ᠬᠦᠮᠦᠨ ᠮᠡᠳᠡᠯᠭᠡ ᠶᠡᠭᠡ ᠨᠤᠶᠢᠷ  ᠡᠴᠡ ᠰᠠᠯᠬᠤ ᠦᠭᠡᠢ ᠬᠦᠮᠦᠨ ᠵᠡᠬᠦᠳᠦ ᠶᠡᠭᠡ

2018-12-12 / admin

(ᠤᠩᠰᠢᠭᠰᠠᠨ ᠤᠳᠠᠭ᠎ᠠ: 47 ᠤᠳᠠᠭ᠎ᠠ)

︽ ᠨᠤᠮ ᠪᠢᠴᠢᠭ ᠤᠩᠰᠢᠬᠤ ᠦᠭᠡᠢ ᠬᠦᠮᠦᠨ ᠨᠢᠳᠤ ᠪᠠᠶᠢᠭᠠᠳ ᠰᠤᠬᠤᠷ ᠠᠳᠠᠯᠢ ︾ ᠭᠡᠳᠡᠭᠴᠢᠯᠡᠨ ᠤᠯᠠᠨ ᠨᠤᠮ ᠤᠩᠰᠢᠭᠰᠠᠨ ᠬᠦᠮᠦᠨ ᠦᠷᠭᠡᠨ ᠲᠡᠯᠭᠡᠷ ᠮᠡᠳᠡᠯᠭᠡ  ᠲᠠᠢ ᠪᠠᠶᠢᠬᠤ  ᠨᠢ ᠶᠠᠷᠢᠶᠠᠨ ᠦᠭᠡᠢ ᠃ 2018 ᠣᠨ ᠤ 12 ᠳᠤᠭᠠᠷ ᠰᠠᠷ᠎ᠠ ᠶᠢᠨ 6 ᠦ ᠡᠳᠦᠷ ᠂ ᠣᠷᠳᠣᠰ ᠬᠤᠲᠠ ᠶᠢᠨ ᠬᠢᠶ᠎ᠠ ᠪᠠᠭᠰᠢ ᠲᠤᠭᠤᠷᠢᠭ ᠤᠨ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠮᠠᠨ ᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠰᠤᠷᠤᠭᠴᠢᠳ ᠲᠤ ᠨᠣᠮ ᠪᠡᠯᠭᠡᠯᠡᠬᠦ ᠠᠵᠢᠯᠯᠠᠭ᠎ᠠ ᠦᠪᠡᠳᠡᠭᠰᠢ ᠶᠡᠬᠡ  ᠪᠡᠷ ᠶᠠᠪᠤᠭᠳᠠᠯ᠎ᠠ ᠃ ᠨᠡᠶᠢᠬᠡᠮ ᠳᠠᠶᠠᠭᠠᠷ ᠨᠣᠮ ᠤᠩᠰᠢᠬᠤ ᠶᠢ ᠤᠷᠢᠶᠠᠯᠠᠨ ᠳᠠᠶᠢᠴᠢᠯᠠᠵᠤ ᠪᠠᠶᠢᠭ᠎ᠠ ᠴᠠᠭ ᠦᠶ᠎ᠡ ᠳᠦ ᠬᠢᠶ᠎ᠠ ᠪᠠᠭᠰᠢ ᠲᠣᠭᠣᠷᠢᠭ ᠤᠨ ᠦᠨᠳᠦᠰᠦᠲᠡᠨ ᠦ ᠬᠡᠷᠡᠭ ᠡᠷᠬᠢᠯᠡᠬᠦ ᠲᠣᠪᠴᠢᠶ᠎ᠠ ᠠᠴᠠ ᠪᠢᠳᠡᠨ  ᠳᠦ ᠦᠨᠳᠦᠰᠦᠲᠡᠨ ᠦ ᠦᠰᠦᠭ ᠪᠢᠴᠢᠭ  ᠢᠶᠡᠷ ᠨᠠᠶᠢᠷᠠᠭᠤᠯᠤᠨ ᠵᠤᠬᠢᠶᠠᠭᠳᠠᠭᠰᠠᠨ 18946 ᠲᠦᠭᠦᠷᠢᠭ ᠦᠨ ᠦᠷᠲᠡᠭ ᠪᠦᠬᠦᠢ ᠨᠣᠮ ᠢ ᠬᠦᠷᠭᠡᠪᠡ ᠃ ᠠᠩᠬ᠎ᠠ ᠲᠤᠮᠳᠠᠳᠤ ᠵᠢᠨ ᠣᠨ ᠤ ᠡᠷᠬᠢᠯᠡᠭᠴᠢ ᠪᠠᠶᠠᠷ ᠡᠴᠡ ᠰᠤᠷᠤᠭᠴᠢᠳ ᠲᠣ ᠨᠠᠮ ᠵᠠᠰᠠᠭ ᠤᠨ ᠬᠠᠶᠢᠷ᠎ᠠ ᠬᠠᠯᠠᠮᠵᠢ  ᠶᠢ ᠪᠠᠳᠤ ᠴᠡᠭᠡᠵᠢᠯᠡᠵᠤ ᠂ ᠦᠨᠳᠦᠰᠦᠲᠡᠨ ᠦ ᠵᠠᠩ ᠦᠢᠯᠡ  ᠪᠠᠨ ᠴᠠᠭ ᠢᠮᠠᠭᠳᠠ ᠵᠠᠯᠭᠠᠮᠵᠢᠯᠠᠨ ᠤᠯᠠᠮᠵᠢᠯᠠᠵᠤ ᠂ ᠦᠨᠳᠦᠰᠦᠲᠡᠨ ᠦ ᠦᠭᠡ ᠬᠡᠯᠡ ᠦᠰᠦᠭ ᠪᠢᠴᠢᠭ ᠵᠢᠡᠨ ᠴᠢᠷᠮᠠᠶᠢᠨ ᠰᠤᠷᠤᠯᠴᠠᠨ ᠂  ᠮᠣᠩᠭᠣᠯ ᠨᠣᠮ ᠤᠩᠰᠢᠬᠤ ᠶᠢ ᠦᠪᠡᠷ  ᠦᠨ ᠬᠢᠴᠢᠶᠡᠯ ᠦᠨ  ᠭᠠᠳᠠᠨᠠᠬᠢ ᠬᠠᠮᠤᠭ ᠤᠨ ᠴᠢᠬᠤᠯᠠ ᠤᠴᠢᠷ ᠪᠤᠯᠭᠠᠨ ᠪᠠᠷᠢᠮᠳᠠᠯᠠᠬᠤ ᠭᠡᠷᠡᠭᠳᠡᠢ ᠭᠡᠵᠤ ᠱᠠᠭᠠᠷᠳᠠᠭᠰᠠᠨ ᠪᠠᠶᠢᠨ᠎ᠠ ᠃ ᠣᠷᠳᠤᠰ  ᠬᠤᠳᠠ ᠶᠢᠨ ᠮᠣᠩᠭᠤᠯ ᠦᠨᠳᠦᠰᠦᠳᠡᠨ ᠦ ᠲᠤᠮᠳᠠᠳᠤ ᠰᠤᠷᠭᠠᠭᠤᠯᠢ ᠶᠢᠨ ᠵᠠᠬᠢᠷᠣᠯ ᠰᠤᠷᠳᠠᠯᠳᠤ ᠂ ᠠᠩᠬ᠎ᠠ ᠲᠤᠮᠳᠠᠳᠤ ᠶᠢᠨ ᠪᠠᠭᠰᠢ ᠰᠤᠷᠤᠭᠴᠢᠳ ᠂ ᠬᠢᠶ᠎ᠠ ᠪᠠᠭᠰᠢ ᠲᠣᠭᠣᠷᠢᠭ ᠤᠨ ᠦᠨᠳᠦᠰᠦᠲᠡᠨ ᠦ ᠬᠡᠷᠡᠭ ᠡᠷᠬᠢᠯᠡᠬᠦ ᠲᠣᠪᠴᠢᠶ᠎ᠠ ᠶᠢᠨ ᠬᠠᠮᠢᠶ᠎ᠠ  ᠪᠦᠬᠦᠢ ᠬᠠᠷᠢᠭᠤᠴᠠᠯᠭᠠᠳᠠᠨ ᠵᠢᠴᠢ ᠬᠢᠶ᠎ᠡ ᠪᠠᠭᠰᠢ ᠲᠤᠭᠤᠷᠢᠭ ᠤᠨ ᠰᠣᠨᠢᠨ ᠮᠡᠳᠡᠭᠡ ᠵᠠᠭᠤᠴᠢᠯᠠᠭᠤᠷ ᠵᠢᠨ  ᠬᠢᠨ ᠨᠣᠮ ᠪᠡᠯᠭᠡᠯᠡᠬᠦ ᠶᠤᠰᠤᠯᠠᠯ ᠳ᠋ᠥ ᠤᠷᠤᠯᠴᠠᠭᠰᠠᠨ ᠪᠠᠶᠢᠨ᠎ᠠ ᠃

ᠠᠩᠬ᠎ᠠ ᠲᠤᠮᠳᠠᠳᠤ ᠵᠢᠨ ᠱᠠᠳᠤ ᠪᠤᠯ ᠰᠤᠷᠤᠭᠴᠢᠳ ᠤᠨ ᠤᠶᠤᠨ ᠪᠢᠯᠢᠭ ᠪᠡᠶ᠎ᠡ ᠮᠠᠬᠠᠪᠤᠳ ᠪᠦᠬᠦ ᠲᠠᠯ᠎ᠠ  ᠪᠠᠷ ᠬᠦᠭᠵᠢᠵᠤ ᠪᠠᠶᠢᠭ᠎ᠠ ᠴᠠᠭ ᠦᠶ᠎ᠡ ᠪᠤᠯᠬᠤ ᠲᠤᠯᠠ ᠲᠤᠰ ᠤᠳᠠᠭᠠᠨ  ᠤ ᠨᠤᠮ ᠬᠦᠷᠭᠡᠭᠰᠡᠨ ᠠᠵᠢᠯᠯᠠᠭ᠎ᠠ  ᠨᠢ ︽ ᠤᠮᠳᠠᠭᠠᠰᠤᠭᠰᠠᠨ ᠬᠦᠮᠦᠨ ᠳ᠋ᠥ ᠤᠮᠳᠠ ᠬᠦᠷᠭᠡᠭᠰᠡᠨ ︾  ᠲᠠᠢ ᠠᠳᠠᠯᠢ  ᠪᠠᠷ ᠠᠩᠬ᠎ᠠ ᠲᠤᠮᠳᠠᠳᠤ ᠵᠢᠨ ᠰᠤᠷᠤᠭᠴᠢᠳ ᠲᠣ ᠶᠡᠷᠦ ᠪᠤᠰᠤ ᠵᠢᠨ ᠠᠰᠢᠭ ᠬᠦᠷᠳᠡᠭᠡᠯ ᠪᠤᠯᠬᠤ  ᠨᠢ ᠲᠠᠮᠵᠢᠭ ᠦᠭᠡᠢ ᠃

cof
2_副本
3_副本
4_副本
5_副本
6_副本