IMG_6657
ᠪᠡᠶ᠎ᠡ ᠲᠠᠮᠢᠷ ᠡᠷᠡᠬᠦᠯ ᠴᠢᠬᠢᠷᠠᠭ ᠢ ᠰᠤᠳᠤᠯᠬᠤ ᠲᠤᠭᠤᠶᠢᠯᠠᠩ

ᠪᠡᠶ᠎ᠡ ᠲᠠᠮᠢᠷ ᠡᠷᠡᠬᠦᠯ ᠴᠢᠬᠢᠷᠠᠭ ᠢ ᠰᠤᠳᠤᠯᠬᠤ ᠲᠤᠭᠤᠶᠢᠯᠠᠩ ᠨᠢ ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠳᠠ ᠶᠢᠨ ᠬᠠᠮᠢᠶᠠᠷᠤᠯᠳᠠ ᠶᠢᠨ ᠠᠵᠢᠯ ᠢ ᠰᠢᠭᠤᠳ ᠬᠢᠵᠤ ᠪᠠᠶᠢᠭ᠎ᠠ ᠨᠢᠭᠡᠴᠢ ᠪᠤᠯᠤᠨ᠎ᠠ ᠃ ᠲᠤᠰ ᠲᠤᠭᠤᠶᠢᠯᠠᠩ ᠨᠢ ᠰᠤᠷᠭᠠᠭᠤᠯᠢ ᠶᠢᠨ ᠭᠠᠳᠠᠨ᠎ᠠ ᠲᠤᠳᠤᠨᠠᠬᠢ ᠰᠤᠷᠤᠭᠴᠢᠳ ᠤᠨ ᠪᠡᠶ᠎ᠡ ᠲᠠᠮᠢᠷ ᠤᠨ ᠠᠵᠢᠯᠯᠠᠭ᠎ᠠ ( ᠦᠷᠯᠦᠭᠡᠨ ᠦ ᠲᠠᠮᠢᠷ ᠂ ᠵᠠᠪᠰᠠᠷᠯᠠᠭ᠎ᠠ ᠶᠢᠨ ᠲᠠᠮᠢᠷ ᠂ ᠨᠢᠳᠤᠨ ᠲᠠᠮᠢᠷ ᠂ ᠬᠢᠴᠢᠶᠡᠯ ᠦᠨ ᠭᠠᠳᠠᠨᠠᠬᠢ ᠪᠡᠶ᠎ᠡ ᠲᠠᠮᠢᠷ ᠤᠨ ᠬᠦᠳᠡᠯᠭᠡᠭᠡᠨ )᠂ ᠡᠷᠡᠬᠦᠯ ᠴᠢᠬᠢᠷᠠᠭ ᠤᠨ ᠵᠢᠯᠤᠭᠤᠳᠤᠮᠵᠢ ᠵᠢᠴᠢ ᠪᠡᠶ᠎ᠡ ᠲᠠᠮᠢᠷ ᠤᠨ ᠪᠤᠯᠪᠠᠰᠤᠷᠠᠯ ᠤᠨ ᠠᠩᠬᠢ ᠶᠢ ᠵᠤᠬᠢᠶᠠᠨ ᠪᠠᠶᠢᠭᠤᠯᠬᠤ ᠵᠡᠷᠭᠡ ᠠᠵᠢᠯ ᠢ ᠬᠠᠷᠢᠭᠤᠴᠠᠳᠠᠭ ᠃ ᠪᠡᠶ᠎ᠡ ᠲᠠᠮᠢᠷ ᠡᠷᠡᠬᠦᠯ ᠴᠢᠬᠢᠷᠠᠭ ᠤᠨ ᠲᠤᠭᠤᠶᠢᠯᠠᠩ ᠨᠢ ᠰᠤᠳᠤᠯᠤᠯᠳᠠ ᠪᠠᠷ ᠤᠷᠢᠳᠠᠯ ᠪᠤᠯᠭᠠᠵᠤ ᠂ ᠵᠢᠭᠠᠨ ᠰᠤᠷᠭᠠᠯᠳᠠ ᠪᠠᠷ ᠭᠤᠤᠯ ᠪᠤᠯᠭᠠᠵᠤ ᠂ ᠤᠯᠠᠨ ᠲᠦᠮᠡᠨᠴᠢ ᠬᠦᠳᠡᠯᠭᠡᠭᠡᠨ ᠢᠶᠡᠷ ᠰᠠᠭᠤᠷᠢ ᠪᠤᠯᠭᠠᠬᠤ ᠴᠢᠭᠯᠡᠯᠳᠡ ᠶᠢ ᠨᠢᠭᠳᠠ ᠪᠠᠷᠢᠮᠳᠠᠯᠠᠵᠤ ᠂ ᠤᠯᠤᠰ ᠤᠨ ᠰᠤᠷᠭᠠᠨ ᠬᠦᠮᠦᠵᠢᠯ ᠦᠨ ᠶᠠᠮᠤᠨ ᠤ ᠡᠯ᠎ᠡ ᠲᠦᠷᠦᠯ ᠦᠨ ᠲᠦᠷᠢᠮ ᠲᠤᠭᠳᠠᠭᠠᠯ  ᠢ ᠴᠢᠩᠭ᠎ᠠ ᠨᠢᠮᠪᠠᠢ ᠲᠤᠭᠤᠰᠢᠯᠠᠭᠤᠯᠵᠤ ᠂ ᠪᠡᠶ᠎ᠡ ᠲᠠᠮᠢᠷ ᠤᠨ ᠵᠢᠭᠠᠨ ᠰᠤᠷᠭᠠᠯᠳᠠ ᠵᠢᠨ ᠦᠭᠡᠷᠡᠴᠢᠯᠡᠯᠳᠡ ᠳ᠋ᠥ ᠢᠳᠡᠪᠬᠢᠳᠡᠢ ᠤᠷᠤᠯᠴᠠᠨ ᠰᠢᠯᠢᠳᠡᠭ ᠰᠠᠶᠢᠨ ᠬᠢᠷᠢ ᠪᠦᠳᠦᠮᠵᠢ ᠤᠯᠬᠤ ᠪᠠᠷ ᠵᠤᠷᠢᠯᠭ᠎ᠠ ᠪᠠᠨ ᠪᠤᠯᠭᠠᠭᠰᠠᠭᠠᠷ ᠢᠷᠡᠵᠡᠢ ᠃

ᠦᠨᠦ ᠪᠡᠶ᠎ᠡ ᠲᠠᠮᠢᠷ ᠡᠷᠡᠬᠦᠯ᠎ ᠴᠢᠬᠢᠷᠠᠭ ᠤᠨ ᠲᠤᠭᠤᠶᠢᠯᠠᠩ ᠳ᠋ᠥ 10 ᠪᠠᠭᠰᠢ ᠠᠵᠢᠯᠳᠠᠨ ᠲᠠᠢ ᠃ ᠡᠬᠦᠨ ᠳ᠋ᠥ 9 ᠬᠢᠴᠢᠶᠡᠯᠯᠡᠭᠴᠢ ᠪᠠᠭᠰᠢ ᠶᠢᠨ 4 ᠨᠢ ᠲᠡᠭᠡᠳᠤ ᠲᠡᠰ ᠦᠨ ᠪᠠᠭᠰᠢ ᠂ 1 ᠨᠢ ᠨᠢᠭᠡᠳᠤᠭᠡᠷ ᠲᠡᠰ ᠦᠨ ᠪᠠᠭᠰᠢ ᠂ 4 ᠨᠢ ᠠᠩᠬ᠎ᠠ ᠲᠡᠰ ᠦᠨ ᠪᠠᠭᠰᠢ ᠪᠠᠶᠢᠵᠤ ᠂ 1 ᠲᠤᠰᠬᠠᠶᠢᠯᠠᠭᠰᠠᠨ ᠰᠠᠩ ᠬᠠᠮᠢᠶᠠᠷᠤᠭᠴᠢ ᠲᠠᠢ ᠃ ᠪᠡᠶ᠎ᠡ ᠲᠠᠮᠢᠷ ᠡᠷᠡᠬᠦᠯ ᠴᠢᠬᠢᠷᠠᠭ ᠤᠨ ᠲᠤᠭᠤᠶᠢᠯᠠᠩ ᠤᠨ ᠪᠦᠬᠦ ᠪᠠᠭᠰᠢ ᠠᠵᠢᠯᠳᠠᠨ ᠤ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠪᠠᠷ ᠲᠤᠰ ᠲᠤᠭᠤᠶᠢᠯᠠᠩ ᠤᠶᠢᠷ᠎ᠠ ᠶᠢᠨ ᠭᠡᠳᠤᠨ ᠵᠢᠯ ᠳ᠋ᠥ ᠰᠢᠯᠢᠳᠡᠭ ᠬᠢᠷᠢ ᠪᠦᠳᠦᠮᠵᠢ ᠤᠯᠤᠭᠰᠠᠭᠠᠷ ᠢᠷᠡᠪᠡ ᠃

 

 

(ᠤᠩᠰᠢᠭᠰᠠᠨ ᠤᠳᠠᠭ᠎ᠠ: 848 ᠤᠳᠠᠭ᠎ᠠ)