Menu

ᠬᠦᠭᠵᠢᠯᠳᠡ ᠶᠢᠨ ᠤᠯᠠ ᠮᠦᠷ

ᠤᠷᠳᠤᠰ ᠬᠤᠳᠠ ᠵᠢᠨ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠵᠢᠨ ᠲᠦᠬᠦᠮ ᠲᠡᠤᠭᠡ

ᠤᠷᠳᠤᠰ ᠬᠤᠳᠠ ᠵᠢᠨ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ 1956 ᠣᠨ ᠤ 9 ᠳᠤᠭᠡᠷ ᠰᠠᠷ᠎ᠠ  ᠳᠤ ᠪᠠᠶᠢᠭᠤᠯᠤᠭᠳᠠᠵᠤ ᠂ ᠤᠳᠤ ᠪᠤᠯᠬᠤ ᠳᠤ ᠨᠢᠭᠡᠨᠳᠡ 6 ᠠᠩᠬ᠎ᠠ ᠲᠤᠮᠳᠠᠳᠤ ᠵᠢᠨ ᠠᠩᠬᠢ ᠂ 24 ᠲᠡᠭᠡᠳᠤ ᠲᠤᠮᠳᠠᠳᠤ ᠵᠢᠨ ᠠᠩᠬᠢ ᠲᠠᠢ ᠪᠦᠬᠦᠯᠢ ᠡᠳᠤᠷ ᠤᠨ ᠲᠦᠷᠢᠮᠳᠤ ᠲᠤᠮᠳᠠᠳᠤ ᠰᠤᠷᠭᠠᠭᠤᠯᠢ ᠪᠤᠯᠤᠭᠰᠠᠨ ᠪᠠᠶᠢᠨ᠎ᠠ ᠃ ᠰᠤᠷᠭᠠᠭᠤᠯᠢ ᠵᠢᠨ 58 ᠵᠢᠯ ᠤᠨ ᠬᠦᠭᠵᠢᠯᠳᠡ ᠵᠢᠨ ᠲᠡᠤᠭᠡ ᠶᠢ ᠶᠡᠷᠦᠩᠭᠡᠢ ᠳᠤ ᠪᠠᠨ ᠲᠠᠪᠤᠨ ᠱᠠᠳᠤ ᠦᠶ᠎ᠡ ᠬᠤᠪᠢᠶᠠᠵᠤ ᠪᠤᠯᠤᠨ᠎ᠠ ᠃

1956 ~ 1966 ᠬᠠᠳᠠᠭᠤᠵᠢᠯᠳᠠᠢ ᠪᠠᠷ ᠦᠢᠯᠡᠰ ᠡᠷᠬᠢᠯᠡᠵᠤ ᠂ ᠰᠠᠭᠤᠷᠢ ᠲᠠᠯᠪᠢᠭᠰᠠᠨ ᠲᠤᠭᠳᠠᠭᠤᠨ ᠬᠦᠭᠵᠢᠯᠳᠡ ᠵᠢᠨ ᠱᠠᠳᠤ ᠦᠶ᠎ᠡ

1966 ~ 1973 ᠰᠤᠷᠭᠠᠭᠤᠯᠢ ᠵᠢᠨ ᠵᠢᠭᠠᠨ ᠰᠤᠷᠭᠠᠬᠤ ᠡᠮᠬᠢ ᠵᠠᠮᠪᠠᠷᠠᠭ᠎ᠠ ᠰᠠᠮᠠᠭᠤᠷᠠᠵᠤ ᠂ ᠵᠢᠭᠠᠨ ᠰᠤᠷᠭᠠᠬᠤ ᠵᠢᠮ᠎ᠠ ᠬᠠᠤᠯᠢ ᠡᠪᠳᠡᠭᠳᠡᠨ ᠂ ᠠᠶᠤᠯ ᠲᠤᠮᠳᠠ ᠤᠷᠤᠰᠢᠯ ᠵᠢᠡᠨ ᠡᠷᠢᠯᠬᠢᠯᠡᠭᠰᠡᠨ ᠲᠤᠯᠤᠭᠠᠨ ᠵᠢᠯ

1973 ~ 1986 ᠰᠤᠷᠭᠠᠭᠤᠯᠢ ᠰᠡᠷᠭᠦᠯᠳᠡ ᠪᠠᠨ ᠤᠯᠵᠤ ᠂ ᠦᠭᠡᠷᠡᠴᠢᠯᠡᠯᠳᠡ ᠬᠦᠭᠵᠢᠯᠳᠡ ᠵᠢᠨ ᠵᠠᠮ ᠳᠤ ᠪᠠᠨ ᠤᠷᠤᠭᠰᠠᠨ ᠴᠠᠭ ᠦᠶ᠎ᠡ

1986 ~ 2012 ᠰᠤᠷᠭᠠᠭᠤᠯᠢ ᠵᠢᠨ ᠡᠯ᠎ᠡ ᠵᠦᠢᠯ ᠤᠨ ᠠᠵᠢᠯ ᠠᠯᠬᠤᠮ ᠠᠯᠬᠤᠮ ᠵᠢᠡᠷ ᠲᠦᠷᠢᠮᠵᠢᠵᠤ ᠂ ᠰᠢᠰᠲ᠋ᠧᠮᠵᠢᠨ ᠂ ᠦᠷᠨᠢᠩᠬᠦᠢ ᠬᠦᠭᠵᠢᠯᠳᠡ ᠳᠤ ᠤᠷᠤᠭᠰᠠᠨ ᠴᠠᠭ ᠦᠶ᠎ᠡ ᠃

2012 ~ 2014 ᠰᠢᠨ᠎ᠠ ᠡᠬᠢᠯᠡᠯᠳᠡ ᠶᠢ ᠠᠰᠢᠭᠯᠠᠨ ᠂ ᠡᠬᠦᠳ᠋ᠤᠨ ᠪᠦᠳ᠋ᠤᠭᠡᠯᠴᠢ ᠬᠦᠭᠵᠢᠯᠳᠡ ᠵᠢᠨ ᠵᠠᠮ  ᠳᠤ ᠪᠠᠨ ᠤᠷᠤᠭᠰᠠᠨ ᠴᠠᠭ ᠦᠶ᠎ᠡ ᠃


201108251314241971781

1955 ᠤᠨ  ᠳᠤ ᠶᠡᠭᠡ ᠵᠤᠤ ᠠᠢᠢᠮᠠᠭ ᠤᠨ ᠠᠷᠠᠳ ᠤᠨ ᠵᠦᠪᠯᠡᠯ ᠵᠢᠡᠷ ᠵᠦᠪᠰᠢᠶᠡᠷᠡᠬᠦᠯᠵᠤ ᠂ ᠶᠡᠭᠡ ᠵᠤᠤ ᠲᠤᠮᠳᠠᠳᠤ ᠰᠤᠷᠭᠠᠭᠤᠯᠢ  ᠳᠤ ᠮᠤᠩᠭᠤᠯ ᠵᠢᠡᠷ ᠬᠢᠴᠢᠶᠡᠯᠯᠡᠬᠦ ᠠᠩᠬ᠎ᠠ ᠲᠤᠮᠳᠠᠳᠤ ᠵᠢᠨ ᠠᠩᠬᠢ ᠶᠢ ᠨᠡᠮᠡᠵᠤ ᠡᠷᠬᠢᠯᠡᠭᠰᠡᠨ ᠪᠦᠭᠡᠳ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠵᠢᠡᠷ ᠵᠦᠪᠰᠢᠶᠡᠷᠡᠬᠦᠯᠦᠨ ᠂ ᠮᠤᠩᠭᠤᠯ ᠵᠢᠡᠷ ᠬᠢᠴᠢᠶᠡᠯᠯᠡᠬᠦ ᠲᠤᠮᠳᠠᠳᠤ ᠰᠤᠷᠭᠠᠭᠤᠯᠢ ᠵᠢ ᠪᠠᠶᠢᠭᠤᠯᠵᠠᠢ….

学校大门1
ᠰᠤᠷᠭᠠᠭᠤᠯᠢ ᠵᠢᠨ ᠬᠤᠶᠠᠳᠤᠭᠠᠷ ᠬᠦᠭᠵᠢᠯᠳᠡ ᠵᠢᠨ ᠱᠠᠳᠤ ᠦᠶ᠎ᠡ ᠪᠤᠯ ᠰᠤᠶᠤᠯ ᠤᠨ ᠬᠤᠪᠢᠰᠬᠠᠯ ᠤᠨ ᠰᠠᠮᠠᠭᠤᠷᠠᠯ ᠤᠨ ᠡᠪᠳᠡᠯᠭᠡ ᠳᠤ ᠤᠴᠠᠷᠠᠭᠰᠠᠨ ᠴᠠᠭ ᠦᠶ᠎ᠡ ᠪᠤᠯᠤᠨ᠎ᠠ ᠃ ᠰᠤᠷᠭᠠᠭᠤᠯᠢ ᠨᠢ《 ᠰᠢᠨ᠎ᠡ ᠦᠪᠦᠷ ᠨᠠᠮᠳᠠᠨ ᠤ ᠬᠠᠷ᠎ᠠ ᠡᠬᠦᠷ 》 ᠭᠡᠮᠡᠬᠦ ᠶᠡᠯ᠎ᠡ ᠨᠦ᠋ᠮᠦᠷᠴᠤ ᠂ ᠭᠡᠰᠡᠭ ᠭᠠᠨᠪᠦ᠋ ᠂ ᠪᠠᠭᠰᠢ ᠠᠵᠢᠯᠳᠠᠨ ᠂ ᠰᠤᠷᠤᠭᠴᠢ ᠬᠠᠷᠠᠰᠠᠯᠳᠠᠢ ᠡᠪᠳᠡᠯᠭᠡ ᠳᠤ ᠤᠴᠠᠷᠠᠨ ᠂ ᠰᠤᠷᠭᠠᠭᠤᠯᠢ ᠨᠢ ᠶᠡᠭᠡᠪᠡᠷ ᠰᠠᠮᠠᠭᠤᠷᠠᠭᠰᠠᠨ ᠪᠠᠶᠢᠳᠠᠯ ᠳᠤ ᠤᠷᠤᠪᠠ….

50大庆3
ᠶᠡᠭᠡ ᠵᠤᠤ ᠠᠢᠢᠮᠠᠭ ᠤᠨ ᠠᠢᠢᠮᠠᠭ ᠤᠨ ᠬᠤᠷᠢᠶ᠎ᠠ ᠡᠴᠡ ᠦᠷᠭᠡᠨ ᠤᠯᠠᠨ ᠭᠠᠨᠪᠦ᠋ ᠲᠦ᠍ᠮᠡᠨ ᠤ ᠬᠠᠳᠠᠭᠤ ᠰᠢᠷᠦᠬᠦᠨ ᠱᠠᠭᠠᠷᠳᠠᠯᠭ᠎ᠠ ᠪᠠ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠵᠢᠨ ᠭᠡᠷᠡᠭᠴᠡᠭᠡ ᠶᠢ ᠦᠨᠳᠦᠰᠦᠯᠡᠵᠤ ᠂ ᠶᠡᠭᠡ ᠵᠤᠤ ᠠᠢᠢᠮᠠᠭ ᠤᠨ ᠬᠤᠶᠠᠳᠤᠭᠠᠷ ᠲᠤᠮᠳᠠᠳᠤ ᠰᠤᠷᠭᠠᠭᠤᠯᠢ ᠵᠢ ᠰᠡᠷᠬᠦᠭᠡᠬᠦ ᠰᠢᠢᠳᠪᠤᠷᠢ ᠭᠠᠷᠭᠠᠭᠰᠠᠨ ᠡᠴᠡ ᠰᠤᠷᠭᠠᠭᠤᠯᠢ ᠨᠢ ᠪᠦᠬᠦ ᠲᠠᠯ᠎ᠠ ᠵᠢᠨ ᠰᠡᠷᠬᠦᠯᠳᠡ ᠵᠢᠨ ᠴᠠᠭ ᠦᠶ᠎ᠡ ᠳᠤ ᠤᠷᠤᠵᠤ ᠂ ᠬᠠᠳᠠᠭᠤᠵᠢᠯᠳᠠᠢ ᠪᠠᠷ ᠦᠢᠯᠡᠰ ᠪᠦᠳᠦᠭᠡᠬᠦ ᠠᠷᠪᠠᠭᠠᠳ ᠵᠢᠯ ᠢ ᠤᠭᠳᠤᠨ ᠠᠪᠴᠢᠷᠠᠪᠠ….

niaokan1
ᠰᠤᠷᠭᠠᠭᠤᠯᠢ ᠪᠠᠶᠢᠭᠤᠯᠤᠭᠳᠠᠭᠰᠠᠨ 30 ᠵᠢᠯ ᠤᠨ ᠤᠢ ᠶᠢ ᠤᠭᠳᠤᠬᠤ ᠦᠶᠡᠰ ᠰᠤᠷᠭᠠᠭᠤᠯᠢ ᠴᠦ ᠲᠤᠭᠳᠠᠭᠤᠨ ᠬᠦᠭᠵᠢᠯᠳᠡ ᠵᠢᠨ ᠴᠠᠭ ᠦᠶ᠎ᠡ ᠳᠦ ᠪᠠᠨ ᠤᠷᠤᠪᠠ ᠃ ᠰᠤᠷᠭᠠᠭᠤᠯᠢ ᠵᠢᠨ ᠨᠡᠮ ᠤᠨ ᠡᠬᠦᠷ ᠤᠨ ᠤᠳᠤᠷᠢᠳᠤᠯᠭ᠎ᠠ ᠲᠤᠤᠷ᠎ᠠ ᠂ ᠰᠤᠷᠭᠠᠭᠤᠯᠢ ᠡᠴᠡ ᠰᠤᠷᠭᠠᠨ ᠬᠦᠮᠦᠵᠢᠯ ᠂ ᠵᠢᠭᠠᠨ ᠰᠤᠷᠭᠠᠯᠳᠠ ᠵᠢᠨ ᠡᠮᠬᠢ ᠵᠠᠮᠪᠠᠷᠠᠭ᠎ᠠ ᠶᠢ ᠰᠠᠢᠢᠵᠢᠷᠠᠭᠤᠯᠵᠤ ᠂ ᠲᠠᠰᠤᠷᠠᠯᠳᠠ ᠦᠭᠡᠢ ᠬᠦᠭᠵᠢᠯᠳᠡ  ᠶᠢᠨ ᠵᠠᠮ  ᠢ ᠡᠷᠢᠯᠬᠢᠯᠡᠨ ᠂ ᠰᠤᠷᠭᠠᠨ ᠬᠦᠮᠦᠵᠢᠯ ᠤᠨ ᠦᠭᠡᠷᠡᠴᠢᠯᠡᠯᠳᠡ ᠶᠢ ᠠᠯᠬᠤᠮ ᠠᠯᠬᠤᠮ ᠵᠢᠡᠷ ᠲᠤᠭᠤᠰᠢᠯᠠᠭᠤᠯᠵᠤ….

069——6
ᠰᠤᠷᠭᠠᠭᠤᠯᠢ ᠨᠢ ᠪᠦᠬᠦᠳᠡᠭᠡᠷ ᠵᠢᠡᠨ ᠬᠢᠶ᠎ᠠ ᠪᠠᠭᠰᠢ ᠰᠢᠨ᠎ᠠ ᠲᠤᠭᠤᠷᠢᠭ ᠲᠤ ᠨᠡᠬᠦᠵᠤ ᠢᠷᠡᠭᠰᠡᠨ ᠡᠴᠡ ᠡᠵᠡᠯᠡᠬᠦ ᠭᠠᠵᠠᠷ ᠪᠠ ᠲᠦᠯᠦᠪᠵᠢᠬᠦᠯᠭᠡ ᠂ ᠰᠤᠷᠭᠠᠭᠤᠯᠢ ᠵᠢᠨ ᠪᠠᠶᠢᠷᠢ ᠵᠢᠨ ᠪᠠᠷᠢᠯᠭ᠎ᠠ ᠪᠠ ᠬᠠᠷᠢᠶᠠᠯᠠᠭᠳᠠᠬᠤ ᠲᠤᠨᠤᠭ ᠲᠦᠬᠦᠭᠡᠷᠦᠮᠵᠢ ᠂ ᠪᠠᠶᠢᠩᠭᠤ ᠵᠢᠨ ᠪᠦᠷᠢᠨ ᠭᠡᠷᠡᠭᠯᠡᠬᠦ ᠵᠢᠭᠠᠨ ᠰᠤᠷᠭᠠᠬᠤ ᠲᠤᠨᠤᠭ ᠲᠦᠬᠦᠭᠡᠷᠦᠮᠵᠢ ᠂ ᠬᠢᠴᠢᠶᠡᠯ ᠲᠦᠷᠦᠯ ᠤᠨ ᠰᠤᠷᠤᠯᠴᠠᠬᠤ ᠭᠡᠪᠴᠢᠶᠡᠨ ᠳᠡᠬᠢ ᠵᠢᠭᠠᠨ ᠰᠤᠷᠭᠠᠬᠤ ᠲᠤᠰᠬᠠᠢ ᠲᠤᠨᠤᠭ ᠲᠦᠬᠦᠭᠡᠷᠦᠮᠵᠢ ᠂ ᠤᠳᠤᠬᠢᠴᠢᠯᠠᠭᠰᠠᠨ ᠰᠤᠷᠭᠠᠨ ᠬᠦᠮᠦᠵᠢᠯ ᠤᠨ ᠮᠡᠷᠭᠡᠵᠢᠯ ᠤᠨ ᠲᠤᠨᠤᠭ ᠲᠦᠬᠦᠭᠡᠷᠦᠮᠵᠢ….

(ᠤᠩᠰᠢᠭᠰᠠᠨ ᠤᠳᠠᠭ᠎ᠠ: 825 ᠤᠳᠠᠭ᠎ᠠ)